ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠥᠨᠳᠥᠷ ᠳᠤᠯᠠᠭᠠᠨ ᠴᠠᠭ ᠠᠭᠤᠷ ᠢ ᠬᠡᠷᠬᠢᠨ ᠠᠷᠭᠠᠴᠠᠭᠠᠬᠤ ᠪᠤᠢ︖
ᠨᠡᠶᠢᠲᠡᠯᠡᠭᠰᠡᠨ ᠴᠠᠭ᠄
2025/5/29
    ᠵᠣᠨ ᠤ ᠤᠯᠠᠷᠢᠯ ᠳᠤ᠂ ᠦᠷᠭᠦᠯᠵᠢᠯᠡᠭᠰᠡᠨ ᠥᠨᠳᠥᠷ ᠳᠤᠯᠠᠭᠠᠨ ᠠᠭᠤᠷ ᠠᠮᠢᠰᠬᠤᠯ ᠨᠢ ᠬᠡᠪᠴᠢᠶᠡᠵᠢᠭᠦᠯᠦᠭᠰᠡᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠲᠦᠢᠯ ᠤᠨ ᠠᠰᠢᠭ ᠦᠭᠡᠢ ᠪᠠᠶᠢᠳᠠᠭ᠃ ᠥᠨᠳᠥᠷ ᠳᠤᠯᠠᠭᠠᠨ ᠨᠢ ᠮᠠᠯ ᠵᠢᠭᠦᠷᠲᠡᠨ ᠤ ᠬᠠᠯᠠᠭᠤᠨ ᠤ ᠰᠡᠷᠡᠯᠵᠢᠯ ᠢ ᠡᠭᠦᠰᠬᠡᠵᠦ᠂ ᠥᠰᠦᠯᠲᠡ ᠨᠢ ᠮᠡᠳᠡᠭᠳᠡᠮ᠎ᠡ ᠤᠳᠠᠭᠠᠰᠢᠷᠠᠵᠤ᠂ ᠢᠳᠡᠰᠢᠯᠡᠬᠦ ᠬᠡᠮᠵᠢᠶ᠎ᠡ ᠨᠢ ᠪᠠᠭᠠᠰᠴᠤ᠂ ᠦᠢᠯᠡᠳᠪᠦᠷᠢᠯᠡᠬᠦ ᠴᠢᠳᠠᠪᠤᠷᠢ ᠨᠢ ᠪᠠᠭᠤᠷᠠᠬᠤ ᠵᠡᠷᠭᠡ ᠦᠵᠡᠭᠳᠡᠯ ᠭᠠᠷᠴᠤ᠂ ᠪᠠᠰᠠ ᠠᠮᠢᠲᠠᠨ ᠤ ᠡᠭᠡᠯᠢᠯᠡᠬᠦ ᠴᠢᠳᠠᠪᠤᠷᠢ ᠶᠢ ᠪᠠᠭᠤᠷᠠᠭᠤᠯᠤᠨ᠂ ᠡᠯ᠎ᠡ ᠵᠦᠢᠯ ᠤᠨ ᠬᠠᠯᠳᠠᠪᠤᠷᠢᠲᠤ ᠴᠢᠨᠠᠷᠲᠠᠢ᠂ ᠦᠷᠡᠵᠢᠯ ᠤᠨ ᠰᠠᠭᠠᠲᠠᠯ ᠤᠨ ᠴᠢᠨᠠᠷᠲᠠᠢ ᠡᠪᠡᠳᠴᠢᠨ ᠳᠤ ᠲᠦᠢᠯ ᠤᠨ ᠠᠮᠠᠷᠬᠠᠨ ᠨᠡᠷᠪᠡᠭᠳᠡᠵᠦ᠂ ᠴᠢᠨᠠᠭᠰᠢᠯᠠᠭᠠᠳ ᠬᠠᠯᠠᠭᠤᠨ ᠰᠠᠴᠤᠷᠠᠯᠲᠠ ᠶᠢᠨ ᠡᠪᠡᠳᠴᠢᠨ ᠢᠶᠠᠷ ᠦᠬᠦᠳᠡᠭ᠃ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠰᠢᠶ᠎ᠠ ᠰᠠᠷᠠᠪᠴᠢᠨ ᠳᠣᠲᠣᠷᠠᠬᠢ ᠤᠰᠤᠨ ᠬᠥᠰᠢᠭᠡ᠂ ᠰᠠᠯᠬᠢᠨ ᠰᠡᠩᠰᠡ ᠵᠡᠷᠭᠡ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠲᠡᠭᠦᠨ ᠤ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠢ︔ ᠦᠳᠡ ᠳᠤ ᠬᠠᠰᠢᠶ᠎ᠠ ᠰᠠᠷᠠᠪᠴᠢᠨ ᠳᠣᠲᠣᠷᠠᠬᠢ ᠠᠭᠠᠷ ᠬᠠᠭᠤᠷᠠᠢ ᠦᠶ᠎ᠡ ᠳᠤ᠂ ᠭᠠᠵᠠᠷ ᠤᠨ ᠭᠠᠳᠠᠷᠭᠤ ᠪᠠ ᠮᠠᠯ ᠤᠨ ᠪᠡᠶ᠎ᠡ ᠳᠤ ᠪᠠᠭ᠎ᠠ ᠬᠡᠮᠵᠢᠶᠡᠨ ᠤ ᠤᠰᠤ ᠶᠢ ᠮᠠᠨᠠᠨᠵᠢᠭᠤᠯᠣᠨ ᠰᠦᠷᠴᠢᠵᠦ       ᠪᠣᠯᠣᠨ᠎ᠠ᠂ ᠭᠡᠬᠦ ᠳᠡᠭᠡᠨ ᠶᠠᠭᠠᠬᠢᠭᠰᠠᠨ ᠴᠦ ᠰᠢᠭᠤᠳ ᠪᠤᠶᠤ ᠣᠷᠳᠣ ᠬᠤᠭᠤᠴᠠᠭ᠎ᠠ ᠪᠠᠷ ᠮᠠᠯ ᠵᠢᠭᠦᠷᠲᠡᠨ ᠳᠤ ᠤᠰᠤ ᠰᠦᠷᠴᠢᠵᠦ ᠬᠠᠯᠠᠭᠤᠨ ᠢ ᠨᠢ ᠪᠠᠭᠤᠷᠠᠭᠤᠯᠵᠤ ᠪᠣᠯᠬᠤ ᠦᠭᠡᠢ᠃ ᠨᠡᠷᠡᠨ ᠤ ᠭᠡᠷᠡᠯ ᠤᠨ ᠰᠠᠴᠤᠷᠠᠭ ᠠᠴᠠ ᠵᠠᠶᠢᠯᠠᠭᠤᠯᠬᠤ ᠬᠡᠷᠡᠭᠲᠡᠢ᠃ ᠮᠠᠯ ᠵᠢᠭᠦᠷᠲᠡᠨ ᠤ ᠬᠠᠰᠢᠶ᠎ᠠ ᠰᠠᠷᠠᠪᠴᠢ ᠶᠢᠨ ᠡᠷᠬᠢᠨ ᠲᠣᠭᠤᠷᠢᠨ ᠳᠤ ᠡᠪᠡᠰᠦ ᠪᠣᠷᠳᠤᠭ᠎ᠠ᠂ ᠲᠠᠷᠢᠮᠠᠯ᠂ ᠣᠶ ᠮᠣᠳᠣ ᠳᠠᠷᠢᠵᠤ᠂ ᠣᠷᠣᠢ ᠶᠢᠨ ᠬᠡᠰᠡᠭ ᠲᠤᠨᠢ ᠨᠠᠷᠠ ᠬᠠᠯᠬᠠᠯᠠᠬᠤ ᠲᠣᠣᠷ ᠲᠠᠯᠪᠢᠬᠤ᠂ ᠢᠯᠴᠢ ᠬᠥᠨᠳᠡᠶᠢᠷᠡᠭᠦᠯᠬᠦ ᠮᠠᠲ᠋ᠧᠷᠢᠶᠠᠯ ᠢ ᠪᠦᠷᠬᠦᠬᠦ ᠵᠡᠷᠭᠡ ᠠᠷᠭ᠎ᠠ ᠪᠠᠷᠢᠯ ᠢ ᠬᠡᠷᠡᠭᠯᠡᠨ᠂ ᠮᠠᠯ ᠤᠨ ᠬᠠᠰᠢᠶ᠎ᠠ ᠰᠠᠷᠠᠪᠴᠢ ᠶᠢᠨ ᠨᠡᠷᠡᠨ ᠤ ᠢᠯᠴᠢ ᠶᠢᠨ ᠰᠠᠴᠤᠷᠠᠭ ᠢ ᠰᠢᠩᠭᠡᠬᠡᠨ ᠠᠪᠬᠤ ᠶᠢ ᠪᠠᠭᠠᠰᠬᠠᠵᠤ᠂ ᠪᠦᠬᠦ᠋ᠢᠯᠡ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ ᠲᠡᠵᠢᠭᠡᠪᠦᠷᠢ ᠶᠢᠨ ᠨᠢᠭᠲᠠᠴᠠ ᠶᠢ ᠵᠣᠬᠢᠰᠲᠠᠢ ᠪᠠᠷ ᠪᠠᠭᠤᠷᠠᠭᠤᠯᠬᠤ ᠬᠡᠷᠡᠭᠲᠡᠢ᠃ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠳᠤ᠂ ᠨᠢᠭᠡᠴᠢ ᠲᠠᠯᠠᠪᠠᠶ ᠶᠢᠨ ᠳᠣᠲᠣᠷᠠᠬᠢ ᠮᠠᠯ ᠵᠢᠭᠦᠷᠲᠡᠨ ᠤ ᠰᠦᠷᠦᠭᠵᠢᠯ ᠤᠨ ᠲᠤᠭ᠎ᠠ ᠬᠡᠮᠵᠢᠶ᠎ᠡ ᠨᠢ ᠶᠡᠭᠡ᠂ ᠨᠢᠭᠲᠠᠴᠠ ᠨᠢ ᠥᠨᠳᠥᠷ ᠪᠣᠯᠬᠤᠷ ᠲᠣᠰ ᠪᠡᠶ᠎ᠡ ᠨᠢ ᠶᠡᠭᠡ ᠬᠡᠮᠵᠢᠶᠡᠨ ᠤ ᠰᠠᠴᠤᠷᠠᠯᠲᠠ ᠶᠢᠨ ᠢᠯᠴᠢ ᠡᠭᠦᠰᠬᠡᠵᠦ᠂ ᠭᠠᠳᠠᠭᠠᠳᠤ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ ᠲᠠᠢ ᠳᠠᠪᠬᠤᠴᠠᠬᠤ ᠦᠢᠯᠡᠳᠦᠯ ᠭᠠᠷᠭᠠᠵᠤ᠂ ᠢᠯᠴᠢ ᠶᠢᠨ ᠰᠡᠷᠡᠯᠵᠢᠯ ᠤᠨ ᠪᠣᠯᠣᠮᠵᠢ ᠶᠢ ᠨᠡᠮᠡᠭᠳᠡᠭᠦᠯᠬᠦ ᠪᠣᠯᠣᠨ᠎ᠠ᠃ ᠡᠶᠢᠮᠦ ᠠᠴᠠ ᠲᠡᠵᠢᠭᠡᠪᠦᠷᠢ ᠶᠢᠨ ᠨᠢᠭᠲᠠᠴᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ᠂ ᠮᠠᠯ ᠵᠢᠭᠦᠷᠲᠡᠨ ᠳᠤ ᠨᠡᠯᠢᠶᠡᠳ ᠲᠠᠭᠠᠯᠠᠮᠵᠢᠲᠠᠢ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃ ᠭᠦᠢᠴᠡᠳ ᠴᠡᠪᠡᠷ ᠤᠰᠤ ᠬᠠᠩᠭᠠᠵᠤ ᠥᠭᠬᠦ ᠬᠡᠷᠡᠭᠲᠡᠢ᠃ ᠥᠨᠳᠥᠷ ᠳᠤᠯᠠᠭᠠᠨ ᠤ ᠤᠯᠠᠷᠢᠯ ᠳᠤ ᠮᠠᠯ ᠵᠢᠭᠦᠷᠲᠡᠨ ᠤ ᠤᠤᠭᠤᠬᠤ ᠤᠰᠤᠨ ᠤ ᠬᠡᠮᠵᠢᠶ᠎ᠡ ᠯᠠᠪᠲᠠᠢ ᠶᠡᠭᠡ ᠪᠠᠷ ᠨᠡᠮᠡᠭᠳᠡᠵᠦ᠂ ᠤᠤᠭᠤᠬᠤ ᠤᠰᠤᠨ ᠤ ᠬᠡᠮᠵᠢᠶ᠎ᠡ ᠬᠦᠷᠦᠯᠴᠡᠬᠦ ᠦᠭᠡᠢ ᠪᠣᠯ ᠮᠠᠯ ᠵᠢᠭᠦᠷᠲᠡᠨ ᠤ ᠦᠢᠯᠡᠳᠪᠦᠷᠢᠯᠡᠯ ᠪᠠ ᠡᠷᠡᠭᠦᠯ ᠮᠡᠨᠳᠦ ᠶᠢ ᠰᠢᠭᠤᠳ ᠨᠥᠯᠥᠭᠡᠯᠡᠬᠦ ᠪᠣᠯᠣᠨ᠎ᠠ᠃ ᠢᠯᠠᠩᠭᠤᠶ᠎ᠠ ᠰᠠᠭᠠᠯᠢ ᠶᠢᠨ ᠦᠨᠢᠶ᠎ᠡ ᠪᠠ ᠬᠥᠬᠦᠭᠦᠯ ᠡᠬᠡ ᠮᠠᠯ ᠤᠨ ᠠᠷᠢᠭᠤᠨ ᠴᠡᠪᠡᠷ ᠤᠰᠤ ᠤᠮᠳᠠ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠤᠤᠭᠤᠬᠤ ᠤᠰᠤᠨ ᠳᠤᠨᠢ ᠳᠠᠪᠤᠰᠤ᠂ ᠾᠯᠣᠷᠲᠤ ᠺᠠᠯᠢ᠂ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠳ᠋ᠷᠢ ᠵᠡᠷᠭᠡ ᠴᠠᠬᠢᠯᠭᠠᠨ ᠵᠠᠳᠠᠯᠤᠭᠳᠠᠬᠤᠨ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠵᠦ ᠪᠣᠯᠣᠨ᠎ᠠ᠃ ᠲᠡᠵᠢᠭᠡᠯ ᠪᠣᠷᠳᠤᠭ᠎ᠠ ᠶᠢᠨ ᠨᠠᠶᠢᠷᠠᠯᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠥᠨᠳᠥᠷ ᠡᠨᠧᠷᠭᠢᠲᠦ ᠥᠭᠡᠬᠦᠨ ᠤ ᠲᠦᠷᠦᠯ ᠤᠨ ᠲᠡᠵᠢᠭᠡᠯ ᠪᠣᠷᠳᠣᠭᠠᠨ ᠤ ᠬᠠᠷᠢᠴᠠᠯ ᠢ ᠵᠣᠬᠢᠰᠲᠠᠢ ᠪᠠᠷ ᠪᠠᠭᠠᠰᠬᠠᠵᠤ᠂ ᠰᠢᠩᠭᠡᠭᠡᠬᠦ ᠳᠤ ᠠᠮᠠᠷᠬᠠᠨ᠂ ᠢᠳᠡᠬᠦ ᠳᠤ ᠲᠣᠬᠢᠷᠠᠮᠵᠢᠲᠠᠢ ᠲᠡᠵᠢᠭᠡᠯ ᠪᠣᠷᠳᠣᠭᠠᠨ ᠤ ᠬᠠᠷᠢᠴᠠᠯ ᠢ ᠨᠡᠮᠡᠭᠳᠡᠭᠦᠯᠦᠨ᠎ᠡ︔ ᠴᠠᠭ ᠲᠤᠬᠠᠢ ᠳᠤᠨᠢ ᠠᠵᠢᠯᠯᠠᠵᠤ ᠠᠮᠠᠷᠠᠬᠤ ᠴᠠᠭ ᠢᠶᠠᠨ ᠲᠣᠬᠢᠷᠠᠭᠤᠯᠵᠤ᠂ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠲᠡᠵᠢᠭᠡᠬᠦ᠂ ᠣᠷᠣᠢ ᠳᠤ ᠪᠠᠨ ᠨᠡᠮᠡᠵᠦ ᠲᠡᠵᠢᠭᠡᠬᠦ ᠵᠠᠷᠴᠢᠮ ᠶᠣᠰᠣᠭᠠᠷ᠂ ᠥᠷᠯᠥᠭᠡ ᠦᠳᠡᠰᠢ ᠶᠢᠨ ᠦᠶ᠎ᠡ ᠪᠠᠷ ᠲᠡᠵᠢᠭᠡᠵᠦ᠂ ᠦᠳᠡ ᠶᠢᠨ ᠬᠠᠯᠠᠭᠤᠨ ᠳᠤ ᠲᠡᠵᠢᠭᠡᠬᠦ ᠬᠡᠮᠵᠢᠶ᠎ᠡ ᠪᠠᠨ ᠪᠠᠭᠠᠰᠬᠠᠨ᠎ᠠ᠃ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠵᠣᠨ ᠤ ᠤᠯᠠᠷᠢᠯ ᠤᠨ ᠥᠨᠳᠥᠷ ᠳᠤᠯᠠᠭᠠᠨ ᠠᠭᠤᠷ ᠠᠮᠢᠰᠬᠤᠯ ᠳᠤ᠂ ᠮᠠᠯ ᠵᠢᠭᠦᠷᠲᠡᠨ ᠤ ᠪᠠᠭᠠᠰᠤ ᠰᠢᠭᠡᠰᠦᠨ ᠤ ᠬᠤᠣᠷᠲᠤ ᠬᠡᠢ ᠪᠡᠶᠡᠲᠦ ᠶᠢᠨ ᠲᠠᠷᠬᠠᠯᠲᠠ ᠨᠢ ᠨᠠᠩ ᠲᠦᠷᠭᠡᠨ ᠪᠠᠶᠢᠵᠤ᠂ ᠢᠯᠠᠭ᠎ᠠ ᠪᠠᠲᠠᠭᠠᠨ᠎ᠠ ᠦᠷᠡᠵᠢᠳᠡᠭ ᠪᠣᠯᠬᠤᠷ ᠡᠷᠬᠡᠪᠰᠢ ᠴᠠᠭ ᠲᠤᠬᠠᠢ ᠳᠤᠨᠢ ᠪᠠᠭᠠᠰᠤ ᠰᠢᠭᠡᠰᠦ ᠶᠢ ᠨᠢ ᠴᠡᠪᠡᠷᠯᠡᠵᠦ᠂ ᠢᠯᠠᠭ᠎ᠠ ᠬᠤᠯᠤᠭᠠᠨ᠎ᠠ ᠶᠢ ᠤᠰᠠᠳᠬᠠᠬᠤ ᠬᠡᠷᠡᠭᠲᠡᠢ᠃ ᠡᠭᠦᠨ ᠤ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠠᠰᠢᠶ᠎ᠠ ᠰᠠᠷᠠᠪᠴᠢ᠂ ᠲᠠᠯᠠᠪᠠᠢ ᠶᠢᠨ ᠳᠣᠲᠣᠷᠠᠬᠢ ᠣᠷᠴᠢᠨ ᠲᠣᠭᠤᠷᠢᠨ ᠢ ᠴᠡᠪᠡᠷᠯᠡᠨ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠬᠢᠵᠢᠭ ᠦᠭᠡᠢ ᠲᠡᠵᠢᠭᠡᠨ ᠠᠷᠠᠴᠢᠯᠠᠬᠤ ᠠᠷᠢᠭᠤᠨ ᠴᠡᠪᠡᠷ ᠣᠷᠴᠢᠨ ᠲᠣᠭᠤᠷᠢᠨ ᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号