ᠡᠨᠡ ᠨᠢ ᠲᠠᠷᠢᠮᠠᠯ ᠤᠨ ᠭᠤᠣᠯ ᠪᠣᠯᠬᠤ ᠦᠷᠡᠵᠢᠯ ᠤᠨ ᠬᠤᠭᠤᠴᠠᠭᠠᠨ ᠳᠠᠬᠢ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠰᠢᠷᠣᠢ ᠶᠢᠨ ᠤᠰᠤᠨ ᠤ ᠠᠭᠤᠯᠤᠭᠳᠠᠴᠠ ᠪᠠᠷ ᠬᠠᠷᠠᠯᠲᠠ ᠤᠰᠤᠨ ᠤ ᠠᠭᠤᠯᠤᠭᠳᠠᠴᠠ ᠪᠣᠯᠭᠠᠵᠤ᠂ ᠡᠯ᠎ᠡ | ᠦᠷᠡᠵᠢᠯ ᠤᠨ ᠬᠤᠭᠤᠴᠠᠭᠠᠨ ᠳᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠬᠡᠮᠵᠢᠨ ᠲᠣᠭᠲᠠᠭᠠᠵᠤ᠂ | ᠲᠠᠷᠢᠮᠠᠯ ᠤᠨ ᠤᠰᠤ ᠬᠡᠷᠡᠭᠰᠡᠬᠦ ᠣᠨᠴᠠᠯᠢᠭ ᠢ ᠦᠨᠳᠦᠰᠦᠯᠡᠨ ᠨᠥᠬᠦᠪᠦᠷᠢᠯᠡᠬᠦ ᠤᠰᠤᠨ ᠤ ᠬᠡᠮᠵᠢᠶ᠎ᠡ ᠶᠢ ᠪᠤᠳᠤᠵᠤ᠂ | ᠲᠣᠭᠲᠠᠭᠰᠠᠨ ᠬᠡᠮᠵᠢᠶ᠎ᠡ ᠲᠠᠢ ᠤᠰᠤᠯᠠᠬᠤ ᠨᠢᠭᠡ ᠵᠦᠢᠯ ᠤᠨ ᠠᠷᠭ᠎ᠠ ᠪᠣᠯᠣᠨ᠎ᠠ᠃ ᠲᠠᠷᠢᠮᠠᠯ ᠢ ᠤᠰᠤᠯᠠᠵᠤ ᠤᠰᠤ | ᠨᠥᠬᠦᠬᠦ ᠴᠢᠬᠤᠯᠠ ᠲᠠᠢ ᠡᠰᠡᠬᠦ ᠶᠢ ᠳᠣᠣᠷᠠᠬᠢ ᠬᠡᠳᠦᠨ ᠵᠦᠢᠯ ᠤᠨ ᠳᠥᠭᠦᠮ ᠠᠷᠭ᠎ᠠ ᠪᠠᠷ ᠯᠠᠪᠯᠠᠯᠲᠠ ᠪᠣᠯᠭᠠᠵᠤ | ᠪᠣᠯᠣᠨ᠎ᠠ᠃ ᠨᠢᠭᠡ᠂ ᠬᠥᠷᠥᠰᠥ ᠰᠢᠷᠣᠢ ᠶᠢᠨ ᠤᠰᠤᠨ ᠤ ᠰᠡᠷᠡᠯ ᠤᠨ ᠡᠷᠬᠡᠲᠡᠨ ᠤ ᠪᠠᠶᠢᠳᠠᠯ ᠢ ᠦᠨᠳᠦᠰᠦᠯᠡᠨ | ᠮᠠᠭᠠᠳᠯᠠᠬᠤ ︵ᠨᠢᠭᠡ︶ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠥᠩᠭᠡ᠂ ᠰᠢᠨᠵᠢ ᠪᠠᠶᠢᠳᠠᠯ ᠢ ᠠᠵᠢᠭᠯᠠᠨ᠎ᠠ᠃ | ᠬᠡᠷᠪᠡ ᠦᠡᠭᠭᠡᠨ ᠲᠠᠯ᠎ᠠ ᠶᠢᠨ ᠬᠥᠷᠥᠰᠥ ᠰᠢᠷᠣᠢ ᠶᠢᠨ ᠥᠩᠭᠡ ᠨᠢ ᠭᠦᠢᠬᠡᠨ ᠪᠣᠯᠬᠤ ᠪᠤᠶᠤ ᠴᠠᠶᠢᠪᠤᠷ ᠪᠣᠯᠬᠤ᠂ ᠨᠠᠷᠢᠨ | ᠴᠠᠪᠠ ᠭᠠᠷᠬᠤ ᠳᠤ ᠬᠦᠷᠪᠡᠯ᠂ ᠬᠥᠷᠥᠰᠥ ᠰᠢᠷᠣᠢ ᠤᠰᠤ ᠳᠤᠲᠠᠭᠳᠠᠭᠰᠠᠨ ᠢ ᠬᠠᠷᠠᠭᠤᠯᠵᠤ ᠪᠠᠶᠢᠨ᠎ᠠ︔ ᠬᠡᠷᠪᠡ | ᠬᠥᠷᠥᠰᠥ ᠰᠢᠷᠣᠢ ᠶᠢᠨ ᠥᠩᠭᠡ ᠨᠢ ᠬᠡᠪ ᠤᠨ ᠥᠩᠭᠡ ᠠᠴᠠ ᠭᠦᠨ ᠪᠤᠶᠤ ᠬᠦᠷᠡᠩ ᠥᠩᠭᠡ ᠲᠠᠢ ᠪᠣᠯ ᠤᠰᠤ | ᠳᠤᠲᠠᠬᠤ ᠦᠭᠡᠢ ᠶᠢ ᠬᠠᠷᠠᠭᠤᠯᠵᠤ ᠪᠠᠶᠢᠨ᠎ᠠ᠃ ︵ᠬᠤᠶᠠᠷ︶ ᠨᠠᠷᠢᠨ ᠮᠣᠳᠣ ᠶᠢ ᠭᠠᠳᠠᠷ ᠬᠥᠷᠥᠰᠥᠨ ᠳᠤ | 10cm ᠠᠴᠠ ᠳᠣᠷᠣᠭᠰᠢ ᠬᠠᠳᠬᠤᠵᠤ᠂ ᠳᠠᠷᠠᠭ᠎ᠠ ᠨᠢ ᠮᠣᠳᠣ ᠶᠢ ᠰᠤᠭᠤᠯᠵᠤ ᠭᠠᠷᠭᠠᠭᠠᠳ ᠳᠠᠭᠠᠵᠤ ᠭᠠᠷᠴᠤ | ᠢᠷᠡᠭᠰᠡᠨ ᠬᠥᠷᠥᠰᠥ ᠰᠢᠷᠤᠢ ᠶᠢ ᠠᠵᠢᠭᠯᠠᠨ᠎ᠠ᠃ ᠬᠡᠷᠪᠡ ᠬᠥᠷᠥᠰᠥ ᠰᠢᠷᠤᠢ ᠨᠢ ᠨᠡᠯᠢᠶᠡᠳ ᠨᠦᠢᠲᠠᠨ ᠪᠠᠶᠢᠪᠠᠯ ᠤᠰᠤ | ᠲᠤᠳᠠᠵᠤ ᠦᠭᠡᠢ᠂ ᠲᠦᠷ ᠴᠠᠭ ᠤᠰᠤᠯᠠᠬᠤ ᠴᠢᠬᠤᠯᠠ ᠦᠭᠡᠢ ᠭᠡᠰᠡᠨ ᠢ ᠬᠠᠷᠠᠭᠤᠯᠵᠤ ᠪᠠᠶᠢᠨ᠎ᠠ᠃ ᠬᠡᠷᠪᠡ ᠬᠥᠷᠥᠰᠥ | ᠰᠢᠷᠤᠢ ᠨᠢ ᠨᠡᠯᠢᠶᠡᠳ ᠬᠠᠭᠤᠷᠠᠢ ᠪᠤᠶᠤ ᠮᠣᠳᠣᠨ ᠲᠡᠭᠡᠷ᠎ᠡ ᠬᠦᠷᠦᠰᠦ ᠰᠢᠷᠤᠢ ᠳᠠᠭᠠᠵᠤ ᠭᠠᠷᠴᠤ ᠢᠷᠡᠭᠰᠡᠨ ᠦᠭᠡᠢ ᠪᠣᠯ | ᠬᠥᠷᠥᠰᠥ ᠰᠢᠷᠣᠢ ᠤᠰᠤ ᠳᠤᠲᠠᠭᠳᠠᠭᠰᠠᠨ ᠢ ᠬᠠᠷᠠᠭᠤᠯᠵᠤ᠂ ᠴᠠᠭ ᠲᠤᠬᠠᠢ ᠳᠤᠨᠢ ᠲᠠᠷᠢᠮᠠᠯ ᠢᠶᠠᠨ ᠤᠰᠤᠯᠠᠬᠤ | ᠴᠢᠬᠤᠯᠠ ᠲᠠᠢ ᠪᠠᠶᠢᠳᠠᠭ᠃ ︵ᠭᠤᠷᠪᠠ︶ ᠭᠠᠳᠠᠷ ᠬᠥᠷᠥᠰᠥᠨ ᠤ ᠳᠣᠣᠷᠠᠬᠢ 10cm ᠣᠷᠴᠢᠮ ᠤᠨ ᠬᠥᠷᠥᠰᠥ ᠶᠢ | ᠭᠠᠷ ᠢᠶᠠᠷ ᠢᠶᠠᠨ ᠠᠳᠬᠤᠭᠠᠳ ᠠᠯᠠᠭᠠᠨ ᠳᠡᠭᠡᠷ᠎ᠡ ᠪᠠᠨ ᠲᠠᠯᠪᠢᠵᠤ᠂ ᠴᠢᠩᠭ᠎ᠠ ᠠᠳᠬᠤᠭᠰᠠᠨ ᠤ ᠳᠠᠷᠠᠭ᠎ᠠ ᠲᠠᠯᠪᠢᠨ᠎ᠠ᠃ | ᠬᠡᠷᠪᠡ ᠭᠠᠷ ᠤᠨ ᠠᠯᠠᠭ᠎ᠠ ᠨᠦᠢᠲᠠᠨ ᠰᠢᠭ᠋ ᠰᠠᠨᠠᠭᠳᠠᠬᠤ ᠦᠭᠡᠢ ᠮᠥᠷᠲᠡᠭᠡᠨ ᠬᠦᠴᠦᠲᠡᠢ ᠠᠳᠬᠤᠭᠰᠠᠨ ᠴᠤ | ᠬᠥᠷᠥᠰᠥ ᠶᠢ ᠪᠥᠭᠡᠮᠨᠡᠷᠡᠭᠦᠯᠵᠦ ᠳᠡᠶᠢᠯᠬᠦ ᠦᠭᠡᠢ᠂ ᠭᠠᠷ ᠤᠨ ᠠᠯᠠᠭ᠎ᠠ ᠪᠠᠨ ᠲᠠᠯᠪᠢᠭᠰᠠᠨ ᠤ ᠳᠠᠷᠠᠭ᠎ᠠ ᠳᠠᠷᠦ᠋ᠢᠬᠠᠨ | ᠪᠣᠲᠠᠷᠠᠵᠤ ᠪᠠᠶᠢᠪᠠᠯ ᠬᠦᠷᠦᠰᠦ ᠰᠢᠷᠦᠢ ᠶᠢᠨ ᠲᠠᠷᠢᠶᠠᠨ ᠤ ᠤᠰᠤ ᠬᠠᠳᠠᠭᠠᠯᠠᠬᠤ ᠬᠡᠮᠵᠢᠶ᠎ᠡ ᠨᠢ 30% ᠠᠴᠠ ᠳᠣᠷᠣᠭᠰᠢ | ᠪᠠᠶᠢᠵᠤ᠂ ᠬᠦᠨᠳᠦ ᠨᠣᠴᠢᠲᠠᠢ ᠤᠰᠤ ᠳᠤᠲᠠᠭᠳᠠᠵᠤ ᠴᠠᠭ ᠲᠤᠬᠠᠢ ᠳᠤᠨᠢ ᠤᠰᠤᠯᠠᠬᠤ ᠴᠢᠬᠤᠯᠠᠲᠠᠢ ᠭᠡᠰᠡᠨ ᠢ | ᠬᠠᠷᠠᠭᠤᠯᠵᠤ ᠪᠠᠶᠢᠨ᠎ᠠ᠃ ᠬᠡᠷᠪᠡ ᠭᠠᠷ ᠤᠨ ᠠᠯᠠᠭ᠎ᠠ ᠵᠢᠭᠠᠬᠠᠨ ᠴᠢᠬᠢᠭᠳᠦᠵᠦ ᠬᠥᠷᠥᠰᠥ ᠶᠢ ᠪᠥᠭᠡᠮᠨᠡᠷᠡᠭᠦᠯᠵᠦ᠂ | ᠲᠠᠯᠪᠢᠭᠰᠠᠨ ᠤ ᠳᠠᠷᠠᠭ᠎ᠠ ᠠᠶᠠᠨᠳᠠᠭᠠᠨ ᠲᠠᠷᠬᠠᠵᠤ ᠪᠠᠶᠢᠪᠠᠯ ᠬᠦᠷᠦᠰᠦ ᠰᠢᠷᠦᠢ ᠶᠢᠨ ᠤᠰᠤ ᠬᠠᠳᠠᠭᠠᠯᠠᠬᠤ ᠬᠡᠮᠵᠢᠶ᠎ᠡ ᠨᠢ | 50% ᠣᠷᠴᠢᠮ ᠪᠠᠶᠢᠵᠤ᠂ ᠴᠢᠭᠢᠭ ᠤᠨ ᠬᠡᠮᠵᠢᠶ᠎ᠡ ᠨᠢ ᠬᠦᠷᠦᠯᠴᠡᠵᠦ ᠪᠠᠶᠢᠬᠤ ᠶᠢ ᠬᠠᠷᠠᠭᠤᠯᠵᠤ᠂ ᠶᠡᠷᠦ ᠳᠡᠭᠡᠨ | ᠤᠰᠤᠯᠠᠬᠤ ᠴᠢᠬᠤᠯᠠ ᠦᠭᠡᠢ ᠪᠠᠶᠢᠳᠠᠭ᠃ ᠬᠡᠷᠪᠡ ᠭᠠᠷ ᠤᠨ ᠠᠯᠠᠭ᠎ᠠ ᠶᠢ ᠨᠡᠯᠢᠶᠡᠳ ᠴᠢᠭᠢᠭᠳᠡᠭᠦᠯᠵᠦ᠂ ᠬᠥᠷᠥᠰᠥ | ᠰᠢᠷᠤᠢ ᠶᠢ ᠴᠢᠩᠭ᠎ᠠ ᠠᠳᠬᠤᠪᠠᠯ ᠤᠰᠤ ᠨᠢ ᠰᠢᠬᠠᠭᠳᠠᠨ ᠭᠠᠷᠴᠤ᠂ ᠠᠯᠠᠭ᠎ᠠ ᠪᠠᠨ ᠲᠠᠯᠪᠢᠭᠰᠠᠨ ᠤ ᠳᠠᠷᠠᠭ᠎ᠠ ᠬᠥᠷᠥᠰᠥ | ᠰᠢᠷᠤᠢ ᠰᠤᠯᠠᠷᠠᠬᠤ ᠦᠭᠡᠢ ᠮᠥᠷᠲᠡᠭᠡᠨ ᠭᠠᠷ ᠤᠨ ᠠᠯᠠᠭ᠎ᠠ ᠳᠤ ᠨᠠᠭᠠᠯᠳᠤᠵᠤ ᠪᠠᠶᠢᠪᠠᠯ᠂ ᠬᠦᠷᠦᠰᠦ ᠰᠢᠷᠦᠢ ᠶᠢᠨ ᠤᠰᠤ | ᠬᠠᠳᠠᠭᠠᠯᠠᠬᠤ ᠬᠡᠮᠵᠢᠶ᠎ᠡ ᠨᠢ 85% ᠠᠴᠠ ᠳᠡᠭᠡᠭᠰᠢ ᠪᠠᠶᠢᠵᠤ᠂ ᠤᠰᠤᠨ ᠤ ᠠᠭᠤᠯᠤᠭᠳᠠᠴᠠ ᠨᠢ ᠨᠡᠯᠢᠶᠡᠳ ᠥᠨᠳᠥᠷ | ᠭᠡᠳᠡᠭ ᠢ ᠬᠠᠷᠠᠭᠤᠯᠵᠤ ᠪᠠᠶᠢᠨ᠎ᠠ᠃ ᠴᠠᠭ ᠲᠤᠬᠠᠢ ᠳᠤᠨᠢ ᠰᠤᠪᠠᠭ ᠮᠠᠯᠲᠠᠵᠤ ᠤᠰᠤ ᠵᠠᠯᠠᠬᠤ᠂ ᠤᠰᠤ ᠬᠢᠵᠠᠭᠠᠷᠯᠠᠬᠤ | ᠠᠵᠢᠯ ᠢ ᠰᠠᠶᠢᠲᠤᠷ ᠬᠢᠬᠦ ᠴᠢᠬᠤᠯᠠᠲᠠᠢ ᠪᠠᠶᠢᠳᠠᠭ᠃ ᠬᠤᠶᠠᠷ᠂ ᠲᠠᠷᠢᠮᠠᠯ ᠤᠨ ᠤᠷᠭᠤᠴᠠ ᠶᠢᠨ ᠪᠠᠶᠢᠳᠠᠯ ᠢ | ᠦᠨᠳᠦᠰᠦᠯᠡᠨ ᠮᠠᠭᠠᠳᠯᠠᠬᠤ ᠬᠦᠷᠦᠰᠦ ᠰᠢᠷᠦᠢ ᠶᠢᠨ ᠤᠰᠤ ᠬᠦᠷᠦᠯᠴᠡᠬᠦ ᠦᠭᠡᠢ ᠪᠤᠶᠤ ᠬᠡᠲᠦᠷᠬᠡᠢ ᠠᠷᠪᠢᠳᠪᠠᠯ | ᠲᠠᠷᠢᠮᠠᠯ ᠤᠨ ᠬᠡᠪ ᠤᠨ ᠥᠰᠦᠯᠲᠡ ᠶᠢ ᠨᠥᠯᠥᠭᠡᠯᠡᠨ᠎ᠡ᠃ ᠲᠠᠷᠢᠮᠠᠯ ᠳᠤ ᠤᠰᠤ ᠳᠤᠲᠠᠭᠳᠠᠬᠤ ᠦᠶ᠎ᠡ ᠳᠤ᠂ ᠨᠠᠪᠴᠢ ᠪᠠ | ᠰᠢᠨ᠎ᠡ ᠮᠥᠴᠢᠷ ᠨᠢ ᠦᠬᠦᠰᠢᠷᠡᠨ ᠤᠨᠵᠢᠢᠵᠤ᠂ ᠭᠡᠷᠡᠯ ᠭᠢᠯᠪᠠᠭ᠎ᠠ ᠪᠠᠨ ᠠᠯᠳᠠᠵᠤ᠂ ᠤᠰᠤ ᠬᠦᠨᠳᠦ ᠨᠣᠴᠢᠲᠠᠢ | ᠳᠤᠲᠠᠭᠳᠠᠬᠤ ᠦᠶ᠎ᠡ ᠳᠤ ᠨᠠᠪᠴᠢ ᠨᠢ ᠰᠢᠷᠠᠯᠠᠵᠤ᠂ ᠴᠢᠨᠠᠭᠰᠢᠯᠠᠪᠠᠯ ᠦᠬᠦᠰᠢᠷᠡᠳᠡᠭ᠃ ᠡᠨᠡ ᠦᠶ᠎ᠡ ᠳᠤ ᠴᠠᠭ | ᠲᠤᠬᠠᠢ ᠳᠤᠨᠢ ᠤᠰᠤᠯᠠᠵᠤ ᠤᠰᠤ ᠨᠥᠬᠦᠬᠦ ᠴᠢᠬᠤᠯᠠᠲᠠᠢ ᠭᠡᠰᠡᠨ ᠢ ᠬᠠᠷᠠᠭᠤᠯᠵᠤ ᠪᠠᠶᠢᠨ᠎ᠠ᠃ ᠭᠤᠷᠪᠠ᠂ ᠤᠰᠤᠨ ᠤ | ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠨ ᠮᠠᠭᠠᠳᠯᠠᠬᠤ ᠬᠥᠷᠥᠰᠥᠨ ᠤ ᠴᠢᠭᠢᠭ ᠤᠨ | ᠪᠠᠶᠢᠳᠠᠯ ᠢ ᠲᠦᠷᠭᠡᠨ ᠬᠡᠮᠵᠢᠬᠦ ᠬᠡᠮᠵᠢᠭᠦᠷᠯᠢᠭ ᠪᠣᠯ ᠳᠠᠷᠤᠢ ᠨᠢᠭᠡ ᠵᠦᠢᠯ ᠤᠨ ᠬᠥᠷᠥᠰᠥᠨ ᠤ ᠤᠰᠤ ᠶᠢ ᠰᠢᠯᠭᠠᠨ | ᠬᠡᠮᠵᠢᠬᠦ ᠬᠡᠮᠵᠢᠭᠦᠷᠯᠢᠭ ᠪᠣᠯᠣᠨ᠎ᠠ᠂ ᠲᠡᠭᠦᠨ ᠤ ᠠᠵᠢᠯᠯᠠᠬᠤ ᠵᠢᠷᠤᠮ ᠨᠢ ᠳᠠᠷᠤᠢ ᠲᠠᠷᠢᠮᠠᠯ ᠤᠨ ᠡᠭᠦᠯᠳᠡᠷ᠂ ᠦᠷᠡᠵᠢᠯ ᠤᠨ | ᠬᠤᠭᠤᠴᠠᠭ᠎ᠠ᠂ ᠬᠢᠨᠠᠨ ᠬᠡᠮᠵᠢᠬᠦ ᠴᠠᠭ᠂ ᠬᠥᠷᠥᠰᠥᠨ ᠤ ᠭᠦᠨ ᠤ ᠬᠡᠮᠵᠢᠶ᠎ᠡ ᠵᠡᠷᠭᠡ ᠰᠤᠷᠠᠭ ᠵᠠᠩᠭᠢ ᠶᠢ ᠤᠷᠢᠳᠴᠢᠯᠠᠨ | ᠲᠣᠬᠢᠷᠠᠭᠤᠯᠵᠤ᠂ ᠳᠠᠷᠠᠭ᠎ᠠ ᠨᠢ ᠲᠡᠮᠦᠷᠯᠢᠭ ᠬᠠᠶᠢᠭᠤᠷ ᠢ ᠪᠦᠬᠦᠨ ᠢ ᠬᠥᠷᠥᠰᠥᠨ ᠳᠤ ᠬᠠᠳᠬᠤᠵᠤ᠂ ᠬᠥᠷᠥᠰᠥᠨ ᠤ | ᠴᠢᠭᠢᠭᠲᠦᠴᠡ ᠶᠢᠨ ᠰᠡᠷᠡᠯ ᠳᠠᠮᠵᠢᠭᠤᠯᠤᠭᠴᠢ ᠪᠠᠷ ᠳᠠᠮᠵᠢᠨ ᠬᠥᠷᠥᠰᠥᠨ ᠳᠣᠲᠣᠷᠠᠬᠢ ᠤᠰᠤ ᠶᠢ ᠬᠢᠨᠠᠨ ᠬᠡᠮᠵᠢᠵᠦ᠂ | ᠲᠤᠭ᠎ᠠ ᠪᠠᠷᠢᠮᠲᠠ ᠶᠢ ᠴᠤᠭᠯᠠᠭᠤᠯᠵᠤ᠂ ᠲᠤᠭ᠎ᠠ ᠪᠠᠷᠢᠮᠲᠠ ᠶᠢ ᠬᠠᠳᠠᠭᠠᠯᠠᠬᠤ ᠨᠢᠭᠡᠨ ᠵᠦᠢᠯ ᠤᠨ ᠬᠡᠮᠵᠢᠭᠦᠷᠯᠢᠭ | ᠪᠣᠯᠣᠨ᠎ᠠ᠃ ᠲᠡᠷᠡ ᠨᠢ ᠲᠠᠷᠢᠶᠠᠨ ᠭᠠᠵᠠᠷ ᠤᠨ ᠤᠰᠤᠨ ᠤ ᠪᠣᠳᠠᠲᠤ ᠪᠠᠶᠢᠳᠠᠯ ᠢ ᠦᠨᠳᠦᠰᠦᠯᠡᠨ ᠰᠢᠨᠵᠢᠯᠡᠬᠦ | ᠤᠬᠠᠭᠠᠨᠴᠢ ᠪᠠᠷ ᠤᠰᠤᠯᠠᠵᠤ᠂ ᠬᠥᠷᠥᠰᠥᠨ ᠤ ᠤᠰᠤᠨ ᠤ ᠠᠭᠤᠯᠤᠭᠳᠠᠴᠠ ᠶᠢ ᠨᠡᠯᠢᠶᠡᠳ ᠲᠣᠬᠢᠷᠠᠮᠵᠢᠲᠠᠢ | ᠬᠡᠪᠴᠢᠶᠡᠨ ᠳᠤ ᠪᠠᠶᠢᠯᠭᠠᠬᠤ ᠶᠢ ᠪᠠᠲᠤᠯᠠᠳᠠᠭ᠃ ᠲᠠᠷᠢᠶᠠᠴᠢᠨ ᠡᠷᠦᠬᠡ ᠪᠠᠰᠠ ᠡᠯ᠎ᠡ ᠭᠠᠵᠠᠷ ᠤᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠨ ᠨᠡᠶᠢᠲᠡᠯᠡᠭᠰᠡᠨ ᠴᠢᠭᠢᠭ ᠤᠨ ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ | ᠯᠠᠪᠯᠠᠯᠲᠠ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠤᠰᠤᠯᠠᠯᠲᠠ ᠬᠢᠵᠦ ᠪᠣᠯᠣᠨ᠎ᠠ᠃ ᠡᠩ ᠤᠨ ᠪᠠᠶᠢᠳᠠᠯ ᠳᠤ | ᠬᠥᠷᠥᠰᠥᠨ ᠤ ᠤᠰᠤᠨ ᠤ ᠠᠭᠤᠯᠤᠭᠳᠠᠴᠠ ᠨᠢ 80% ᠠᠴᠠ ᠳᠡᠭᠡᠭᠰᠢ ᠪᠠᠶᠢᠪᠠᠯ ᠬᠡᠳᠦ ᠠᠷᠪᠢᠨ᠂ ᠬᠥᠷᠥᠰᠥᠨ ᠤ | ᠤᠰᠤᠨ ᠤ ᠠᠭᠤᠯᠤᠭᠳᠠᠴᠠ ᠨᠢ 60%~80% ᠳᠤ ᠪᠠᠶᠢᠪᠠᠯ ᠲᠣᠬᠢᠷᠠᠮᠵᠢᠲᠠᠢ᠂ ᠬᠥᠷᠥᠰᠥᠨ ᠤ ᠤᠰᠤᠨ ᠤ | ᠠᠭᠤᠯᠤᠭᠳᠠᠴᠠ ᠨᠢ 60% ᠠᠴᠠ ᠳᠣᠷᠣᠭᠰᠢ ᠪᠠᠶᠢᠪᠠᠯ ᠭᠦᠢᠴᠡᠳ ᠦᠭᠡᠢ ᠪᠠᠶᠢᠳᠠᠭ᠃ ᠡᠩ ᠤᠨ ᠪᠠᠶᠢᠳᠠᠯ ᠳᠤ | ᠬᠥᠷᠥᠰᠥᠨ ᠤ ᠤᠰᠤᠨ ᠤ ᠠᠭᠤᠯᠤᠭᠳᠠᠴᠠ ᠨᠢ 45%~60% ᠪᠠᠶᠢᠪᠠᠯ ᠬᠥᠩᠭᠡᠨ ᠭᠠᠩ ᠬᠠᠭᠤᠷᠠᠢ᠂ | ᠬᠥᠷᠥᠰᠥᠨ ᠤ ᠤᠰᠤᠨ ᠤ ᠠᠭᠤᠯᠤᠭᠳᠠᠴᠠ ᠨᠢ 30%~45% ᠪᠠᠶᠢᠪᠠᠯ ᠳᠤᠮᠳᠠ ᠭᠠᠩ ᠬᠠᠭᠤᠷᠠᠢ᠂ | ᠬᠥᠷᠥᠰᠥᠨ ᠤ ᠤᠰᠤᠨ ᠤ ᠠᠭᠤᠯᠤᠭᠳᠠᠴᠠ ᠨᠢ 30% ᠠᠴᠠ ᠳᠣᠷᠣᠭᠰᠢ ᠪᠠᠶᠢᠪᠠᠯ ᠬᠦᠨᠳᠦ ᠭᠠᠩ ᠬᠠᠭᠤᠷᠠᠢ | ᠪᠣᠯᠣᠨ᠎ᠠ᠃ |