5 ᠳ᠋ᠤᠭᠠᠷ ᠰᠠᠷ᠎ᠠ ᠶᠢᠨ 22 ᠤᠨ ᠡᠳᠦᠷ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠴᠠᠬᠢᠯᠭᠠᠨ ᠤ | ᠦᠨ᠎ᠡ ᠶᠢ ᠵᠠᠬ᠎ᠠ ᠳᠡᠯᠭᠡᠭᠦᠷᠴᠢᠯᠡᠭᠰᠡᠨ ᠪᠠᠶᠢᠳᠠᠯ ᠳᠣᠤᠷ᠎ᠠ ᠪᠥᠬᠦ ᠣᠷᠣᠨ ᠤ ᠰᠢᠨ᠎ᠡ ᠡᠨᠧᠷᠭᠢ ᠶᠢ ᠨᠡᠭᠡᠭᠡᠨ | ᠬᠥᠭᠵᠢᠭᠦᠯᠵᠦ ᠪᠥᠲᠥᠭᠡᠨ ᠪᠠᠶᠢᠭᠤᠯᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠣᠣᠷ ᠲᠤ ᠨᠡᠶᠢᠯᠡᠭᠦᠯᠦᠨ ᠪᠠᠭᠲᠠᠭᠠᠨ ᠰᠢᠩᠭᠡᠭᠡᠬᠦ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ | ᠲᠥᠷᠥᠯ ᠵᠦᠢᠯ ᠤᠨ ᠥᠷᠢᠰᠥᠯᠳᠦᠭᠡᠨ ᠤ ᠴᠢᠨᠠᠷᠲᠠᠶ ᠳᠦᠬᠦᠷᠵᠢᠭᠦᠯᠬᠦ ᠬᠠᠮᠢᠶᠠᠷᠤᠯᠲᠠ ᠶᠢᠨ ᠠᠷᠭ᠎ᠠ ︵ᠰᠠᠨᠠᠯ | ᠬᠤᠷᠢᠶᠠᠬᠤ ᠨᠣᠤᠷᠠᠭ︶︾ ︵ᠳᠣᠷᠣᠭᠰᠢ ︽ᠠᠷᠭ᠎ᠠ︾ ᠭᠡᠵᠦ ᠲᠣᠪᠴᠢᠯᠠᠪᠠ︶ ᠶᠢ ᠳᠠᠷᠤᠮᠠᠯᠯᠠᠨ ᠶᠠᠪᠤᠭᠤᠯᠵᠤ᠂ | ᠢᠯᠡ ᠪᠠᠷ ᠰᠠᠨᠠᠯ ᠬᠤᠷᠢᠶᠠᠪᠠ᠃ | ᠲᠤᠰ ᠠᠷᠭ᠎ᠠ ᠨᠢ ᠤᠯᠤᠰ ᠤᠨ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠪᠠ ᠲᠥᠷᠥᠯ | ᠵᠦᠢᠯ ᠤᠨ ᠥᠷᠢᠰᠥᠯᠳᠦᠭᠡᠨ ᠤ ᠴᠢᠨᠠᠷᠲᠠᠶ ᠳᠦᠬᠦᠷᠵᠢᠭᠦᠯᠬᠦ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠣᠨ ᠤ ᠲᠥᠯᠥᠪᠵᠢᠭᠦᠯᠭᠡ᠂ ᠥᠮᠴᠢᠲᠡᠨ ᠤ ᠤᠷᠢᠳ ᠢᠶᠠᠷ ᠰᠣᠩᠭᠤᠬᠤ᠂ ᠲᠥᠷᠥᠯ ᠵᠦᠢᠯ ᠢ | ᠬᠢᠨᠠᠨ ᠵᠥᠪᠰᠢᠶᠡᠷᠡᠬᠦ ᠪᠠ ᠪᠥᠲᠥᠭᠡᠨ ᠪᠠᠶᠢᠭᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠨ ᠳᠤ ᠠᠯᠢ ᠣᠯᠠᠨ | ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ ᠲᠣᠣᠷ ᠪᠠ ᠴᠠᠬᠢᠯᠭᠠᠨ ᠡᠭᠦᠰᠬᠡᠭᠴᠢ ᠶᠢᠨ ᠬᠠᠮᠵᠢᠯᠴᠠᠭ᠎ᠠ ᠶᠢ | ᠴᠢᠩᠭᠠᠷᠠᠭᠤᠯᠤᠨ᠂ ᠠᠶᠢᠮᠠᠭ ᠬᠤᠲᠠ ᠶᠢᠨ ᠬᠠᠮᠲᠤᠷᠠᠯᠴᠠᠭ᠎ᠠ ᠶᠢ ᠳᠡᠮᠵᠢᠵᠦ᠂ ᠡᠯ᠎ᠡ ᠲᠥᠷᠥᠯ ᠤᠨ ᠠᠵᠤ ᠠᠬᠤᠶᠢᠯᠠᠯ ᠢ | ᠵᠣᠷᠢᠭᠵᠢᠭᠤᠯᠵᠤ ᠪᠠᠶᠢᠭᠠᠳ ᠱᠠᠭᠠᠷᠳᠠᠯᠭ᠎ᠠ ᠶᠣᠰᠣᠭᠠᠷ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠠᠶᠢᠮᠠᠭ | ᠬᠤᠲᠠ ᠶᠢᠨ ᠠᠵᠤ ᠦᠢᠯᠡᠰ ᠤᠨ ᠲᠥᠯᠥᠪᠵᠢᠭᠦᠯᠭᠡ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠨ᠎ᠠ᠃ | ᠲᠥᠷᠥ ᠶᠢᠨ ᠪᠣᠳᠣᠯᠭ᠎ᠠ ᠶᠢ ᠤᠷᠢᠳ ᠢᠶᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠶᠢ ᠵᠢᠯ ᠪᠦᠷᠢ ᠬᠤᠶᠠᠷ ᠪᠦᠯᠦᠭ ᠤᠳᠠᠭ᠎ᠠ ᠬᠤᠪᠢᠶᠠᠨ ᠵᠣᠬᠢᠶᠠᠨ | ᠪᠠᠶᠢᠭᠤᠯᠬᠤ ᠪᠠᠷ ᠲᠦᠯᠦᠪᠵᠢᠭᠦᠯᠵᠦ᠂ ᠰᠢᠨ᠎ᠡ ᠡᠨᠧᠷᠭᠢ ᠶᠢᠨ ᠡᠬᠢ ᠪᠠᠶᠠᠯᠢᠭ ᠢ ᠳᠦᠬᠦᠷᠵᠢᠭᠦᠯᠬᠦ ᠦᠷ᠎ᠡ ᠪᠦᠲᠦᠮᠵᠢ ᠪᠠ | ᠦᠷ᠎ᠡ ᠠᠰᠢᠭ ᠢ ᠳᠡᠭᠡᠭᠰᠢᠯᠡᠭᠦᠯᠵᠦ᠂ ᠪᠥᠬᠦ ᠣᠷᠣᠨ ᠤ ᠰᠢᠨ᠎ᠡ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢ | ᠳᠦᠯᠬᠢᠨ ᠠᠬᠢᠭᠤᠯᠤᠨ᠎ᠠ᠃ |