ᠡᠵᠡᠨ᠎ᠡ ᠬᠤᠰᠢᠭᠤ ᠵᠢᠦᠢ ᠶᠠᠨ ᠤ ᠪᠠᠭᠤᠷᠢ ᠶᠢᠨ ᠳᠡᠯᠡᠬᠡᠢ ᠶᠢᠨ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/5/8
    ᠵᠢᠦᠢ ᠶᠠᠨ ᠤ ᠪᠠᠭᠤᠷᠢ ᠶᠢᠨ ᠬᠠᠭᠤᠴᠢ ᠰᠤᠳᠤᠯᠤᠯ ᠤᠨ ᠪᠠᠶᠢᠴᠠᠭᠠᠯᠲᠠ ᠪᠤᠯᠤᠨ ᠲᠡᠦᠬᠡ ᠰᠣᠶᠣᠯ ᠤᠨ ᠰᠤᠳᠤᠯᠭᠠᠨ ᠤ ᠲᠠᠰᠤᠷᠠᠯᠳᠡ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠵᠢᠦᠢ ᠶᠠᠨ ᠤ ᠪᠠᠭᠤᠷᠢ ᠶᠢ ᠬᠠᠮᠠᠭᠠᠯᠠᠨ ᠠᠰᠢᠭᠯᠠᠬᠤ ᠶᠢ ᠨᠡᠩ ᠢᠯᠡᠭᠦᠦ ᠴᠢᠬᠤᠯᠠᠴᠢᠯᠠᠵᠤ᠂ ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤᠨ ᠤ ᠬᠢᠨ ᠵᠢᠦᠢ ᠶᠠᠨ ᠤ ᠪᠠᠭᠤᠷᠢ ᠶᠢᠨ ᠳᠡᠯᠡᠬᠡᠢ ᠶᠢᠨ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠠᠬᠢᠭᠤᠯᠵᠠᠢ᠃    ᠣᠶᠢᠷ᠎ᠠ ᠶᠢᠨ ᠡᠳᠦᠷ ᠤᠳ ᠲᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠧᠢ ᠵᠢᠶᠠᠨ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠡᠷᠳᠡᠮ ᠰᠢᠨᠵᠢᠯᠡᠭᠡᠨ ᠤ ᠰᠠᠯᠪᠤᠷᠢ ᠶᠢᠨ ᠳ᠋ᠣᠺᠲ᠋ᠣᠷ᠂ ᠠᠰᠫᠢᠷᠠᠨᠲ ᠢ ᠳᠠᠭᠠᠭᠤᠯᠤᠨ᠂ ᠮᠠᠨ ᠤ ᠬᠤᠰᠢᠭᠤᠨ ᠤ ᠵᠢᠦᠢ ᠶᠠᠨ ᠤ ᠪᠠᠭᠤᠷᠢ ᠳᠤ ᠰᠢᠨᠵᠢᠯᠡᠨ ᠪᠠᠶᠢᠴᠠᠭᠠᠬᠤ ᠰᠤᠳᠤᠯᠭᠠᠨ ᠤ ᠠᠵᠢᠯ ᠥᠷᠨᠢᠭᠦᠯᠵᠦ ᠂ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠰᠠᠶᠢᠳᠤᠷ ᠡᠵᠡᠮᠰᠢᠨ᠂ ᠳᠠᠷᠠᠭᠠᠴᠢ ᠶᠢᠨ ᠠᠯᠬᠤᠮ ᠶᠢᠨ ᠬᠠᠭᠤᠴᠢ ᠰᠤᠳᠤᠯᠤᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠶᠢ ᠤᠷᠤᠭᠰᠢᠲᠠᠢ ᠪᠡᠶᠡᠯᠡᠭᠦᠯᠬᠦ ᠳᠤ ᠰᠠᠭᠤᠷᠢ ᠲᠠᠯᠪᠢᠨ᠎ᠠ᠃    ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠧᠢ ᠵᠢᠶᠠᠨ᠄ ︽ᠬᠠᠭᠤᠴᠢ ᠰᠤᠳᠤᠯᠤᠯ ᠤᠨ ᠮᠠᠲ᠋ᠧᠷᠢᠶᠠᠯ ᠢ ᠨᠥᠬᠦᠪᠦᠷᠢᠯᠡᠬᠦ ᠶᠢᠨ ᠲᠦᠯᠦᠭᠡ ᠡᠨᠡ ᠬᠡᠳᠤᠨ ᠵᠢᠯ ᠪᠢ ᠰᠤᠷᠤᠭᠴᠢᠳ ᠢᠶᠠᠨ ᠳᠠᠭᠠᠭᠤᠯᠤᠨ ᠣᠯᠠᠨ ᠤᠳᠠᠭ᠎ᠠ ᠵᠢᠦᠢ ᠶᠠᠨ ᠤ ᠪᠠᠭᠤᠷᠢ ᠳᠤ ᠢᠷᠡᠵᠤ ᠰᠤᠳᠤᠯᠤᠨ ᠪᠠᠶᠢᠴᠠᠭᠠᠯᠳᠠ ᠬᠢᠭᠰᠡᠨ ᠶᠤᠮ᠃ ᠢᠩᠭᠢᠪᠡᠯ ᠮᠠᠨ ᠤ ᠡᠨᠡ ᠮᠡᠳᠡᠭᠦᠯᠦᠯᠳᠡ ᠪᠠᠨ ᠡᠷᠲᠡᠬᠡᠨ ᠪᠡᠶᠡᠯᠡᠭᠦᠯᠵᠦ ᠴᠢᠳᠠᠬᠤ ᠪᠥᠭᠡᠳ ᠡᠨᠡ ᠮᠡᠳᠡᠭᠦᠯᠦᠯᠳᠡ ᠨᠢ ᠬᠤᠶᠢᠰᠢᠳᠠ ᠶᠢᠨ ᠵᠢᠦᠢ ᠶᠠᠨ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ       ᠠᠵᠢᠯ᠂ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ᠂ ᠲᠡᠷᠡᠴᠢᠯᠡᠨ ᠮᠠᠨ ᠤ ᠪᠦᠬᠦ ᠭᠠᠵᠠᠷ ᠣᠷᠣᠨ ᠤ ᠢᠷᠡᠭᠡᠳᠦᠢ ᠶᠢᠨ ᠭᠤᠷᠪᠠᠨ ᠰᠣᠯᠪᠢᠴᠠᠯ ᠤᠨ ᠲᠡᠦᠬᠡ ᠶᠢᠨ ᠰᠤᠳᠤᠯᠤᠯ᠂ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠷᠢᠯᠳᠦᠯ ᠤᠨ ᠲᠤᠬᠠᠢ ᠰᠤᠳᠤᠯᠤᠯ ᠳᠤ ᠴᠥᠮ ᠲᠤᠶᠢᠯ ᠤᠨ ᠦᠨ᠎ᠡ ᠴᠠᠨ᠎ᠠ ᠲᠠᠢ ᠪᠥᠭᠡᠳ ᠠᠴᠢ ᠬᠤᠯᠪᠣᠭᠳᠠᠯ ᠲᠠᠢ ᠶᠤᠮ︾ ᠭᠡᠪᠡ᠃    ᠸᠧᠢ ᠵᠢᠶᠠᠨ ᠥᠪᠥᠷ ᠮᠣᠩᠭᠤᠯ ᠳᠤ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠰᠤᠳᠤᠯᠭᠠᠨ ᠬᠢᠭᠡᠳ ᠨᠢᠭᠡᠨᠲᠡ 40 ᠭᠠᠷᠤᠢ ᠵᠢᠯ ᠪᠣᠯᠵᠤ᠂ ᠮᠠᠨ ᠤ ᠬᠤᠰᠢᠭᠤᠨ ᠳᠤ ᠤᠯᠠᠨ ᠤᠳᠠᠭ᠎ᠠ ᠭᠦᠨᠵᠡᠭᠡᠶᠢᠷᠡᠨ ᠵᠢᠦᠢ ᠶᠠᠨ ᠤ ᠪᠠᠭᠤᠷᠢ ᠶᠢᠨ ᠲᠡᠦᠬᠡ ᠰᠣᠶᠣᠯ ᠳᠤ ᠰᠢᠨᠵᠢᠯᠡᠨ ᠰᠤᠳᠤᠯᠤᠯᠲᠠ ᠬᠢᠵᠦ᠂ ᠡᠯᠪᠡᠭ ᠪᠠᠶᠠᠯᠢᠭ ᠦᠷ᠎ᠡ ᠪᠦᠳᠦᠮᠵᠢ ᠤᠯᠤᠭᠰᠠᠨ ᠢᠶᠠᠷ ᠪᠠᠷᠠᠬᠤ ᠦᠭᠡᠢ ᠵᠢᠦᠢ ᠶᠠᠨ ᠤ ᠲᠡᠦᠬᠡ ᠰᠣᠶᠣᠯ ᠤᠨ ᠬᠠᠮᠠᠭᠠᠯᠠᠯᠲᠠ ᠶᠢᠨ ᠰᠤᠳᠤᠯᠭᠠᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃    ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠧᠢ ᠵᠢᠶᠠᠨ᠄ ︽ᠵᠢᠦᠢ ᠶᠠᠨ ᠣᠳᠣ ᠵᠥᠪᠬᠡᠨ ᠬᠠᠨ ᠤᠯᠤᠰ ᠤᠨ ᠦᠶ᠎ᠡ ᠶᠢᠨ ᠬᠤᠯᠤᠰᠤᠨ ᠪᠢᠴᠢᠭ ᠢᠶᠠᠷ ᠲᠥᠯᠥᠭᠡᠯᠡᠭᠦᠯᠦᠭᠰᠡᠨ ᠵᠢᠦᠢ ᠶᠠᠨ ᠲᠡᠳᠦᠢ ᠪᠢᠰᠢ᠂ ᠵᠢᠦᠢ ᠶᠠᠨ ᠣᠳᠣ ᠪᠣᠯ ᠨᠢᠭᠡᠨ ᠣᠷᠣᠨ ᠪᠦᠰᠡ ᠶᠢᠨ ᠬᠡᠪᠴᠢᠶᠡᠨ ᠳᠠᠬᠢ ᠤᠯᠤᠰ ᠤᠨ ᠲᠣᠮᠣ ᠪᠠᠭᠤᠷᠢ ᠪᠣᠯᠣᠨ᠎ᠠ᠃ ᠪᠢᠳᠡ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠶᠠᠪᠤᠴᠠ ᠳᠤ ᠡᠳᠡᠭᠡᠷ ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ᠂ ᠲᠤᠶᠢᠯ ᠤᠨ ᠦᠨ᠎ᠡ ᠴᠡᠨ᠎ᠡ ᠲᠠᠢ ᠡᠷᠳᠡᠮ ᠰᠢᠨᠵᠢᠯᠡᠭᠡᠨ ᠤ ᠮᠠᠲ᠋ᠧᠷᠢᠶᠠᠯ ᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠪᠠ ᠢᠷᠡᠭᠡᠳᠦᠢ ᠳᠤ ᠠᠮᠢᠳᠤᠯᠢᠭ ᠢᠶᠠᠷ ᠠᠰᠢᠭᠯᠠᠬᠤ ᠳᠤ ᠬᠡᠷᠡᠭᠯᠡᠬᠦ ᠨᠢ ᠲᠤᠶᠢᠯ ᠤᠨ ᠴᠢᠬᠤᠯᠠ ᠶᠤᠮ᠂ ᠡᠶᠢᠮᠦ ᠠᠴᠠ ᠡᠳᠡᠭᠡᠷ ᠵᠢᠯ ᠤᠳ ᠲᠤ ᠪᠢ ᠡᠨᠡ ᠲᠠᠯ᠎ᠠ ᠶᠢᠨ ᠠᠵᠢᠯ ᠪᠠ ᠰᠤᠳᠤᠯᠭᠠᠨ ᠳᠤ ᠬᠦᠴᠦ ᠪᠠᠨ ᠢᠯᠡᠭᠦᠬᠡᠨ ᠲᠠᠯᠪᠢᠵᠤ ᠪᠠᠶᠢᠭ᠎ᠠ ᠶᠤᠮ︾ ᠭᠡᠪᠡ᠃    ᠣᠶᠢᠯᠠᠭᠠᠭᠰᠠᠨ ᠢᠶᠠᠷ᠂ ᠵᠢᠦᠢ ᠶᠠᠨ ᠤ ᠶᠡᠭᠡ ᠪᠠᠭᠤᠷᠢ ᠨᠢ ᠬᠠᠨ ᠤᠯᠤᠰ ᠤᠨ ᠦᠶ᠎ᠡ ᠳᠤ ᠪᠠᠶᠢᠭᠤᠯᠤᠭᠳᠠᠵᠤ᠂ ᠴᠤᠨᠵᠢ᠂ ᠬᠠᠯᠬᠠᠪᠴᠢ ᠬᠡᠷᠡᠮ᠂ ᠬᠤᠲᠠ ᠶᠢᠨ ᠪᠠᠭᠤᠷᠢ᠂ ᠪᠤᠯᠠᠰᠢ᠂ ᠨᠣᠭᠤᠭᠠᠨ ᠬᠤᠲᠠ ᠶᠢᠨ ᠪᠠᠭᠤᠷᠢ᠂ ᠰᠦᠮ᠎ᠡ ᠬᠡᠶᠢᠳ᠂ ᠪᠤᠷᠬᠠᠨ ᠤ ᠰᠤᠪᠤᠷᠭ᠎ᠠ᠂ ᠡᠷᠲᠡᠨ ᠤ ᠭᠡᠷ ᠪᠠᠶᠢᠰᠢᠩ ᠵᠡᠷᠭᠡ ᠨᠠᠢᠮᠠᠨ ᠲᠥᠷᠥᠯ ᠤᠨ ᠪᠠᠷᠤᠭ 1.96 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠠᠯᠠᠪᠠᠶ ᠲᠠᠢ ᠬᠡᠳᠦ ᠲᠣᠮᠣ ᠬᠡᠯᠪᠡᠷᠢ ᠶᠢᠨ ᠡᠷᠲᠡᠨ ᠤ ᠪᠠᠭᠤᠷᠢ ᠪᠣᠯᠬᠤ ᠪᠥᠭᠡᠳ ᠣᠳᠣ ᠪᠣᠯᠲᠠᠯ᠎ᠠ ᠳᠤᠮᠳᠠᠳᠤ ᠤᠯᠤᠰ ᠤᠨ ᠡᠷᠲᠡᠨ ᠤ ᠲᠣᠷᠭᠠᠨ ᠵᠠᠮ ᠳᠡᠭᠡᠷ᠎ᠡ ᠠᠴᠠ ᠢᠯᠡᠷᠡᠭᠦᠯᠦᠭᠰᠡᠨ ᠲᠠᠯᠠᠪᠠᠶ ᠪᠠᠷ ᠬᠠᠮᠤᠭ ᠶᠡᠭᠡ᠂ ᠬᠠᠳᠠᠭᠠᠯᠠᠯᠲᠠ ᠪᠠᠷ ᠬᠠᠮᠤᠭ ᠪᠦᠷᠢᠨ ᠪᠦᠲᠦᠨ᠂ ᠬᠠᠮᠤᠭ ᠴᠢᠬᠤᠯᠠ ᠲᠡᠦᠬᠡ ᠶᠢᠨ ᠪᠠᠭᠤᠷᠢ ᠪᠠᠶᠢᠵᠤ᠂ ᠲᠣᠷᠭᠠᠨ ᠵᠠᠮ ᠤᠨ ᠰᠣᠶᠣᠯ ᠢ ᠰᠤᠳᠤᠯᠬᠤ ᠳᠤ ᠴᠢᠬᠤᠯᠠ ᠦᠨ᠎ᠡ ᠥᠷᠲᠡᠭ ᠲᠠᠢ ᠶᠤᠮ᠃ 2017 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠡᠵᠡᠨ᠎ᠡ ᠬᠤᠰᠢᠭᠤ ᠵᠢᠦᠢ ᠶᠠᠨ ᠤ ᠲᠣᠮᠣ ᠪᠠᠭᠤᠷᠢ ᠶᠢ ᠳᠡᠯᠡᠬᠡᠢ ᠶᠢᠨ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠣᠯᠠᠨ ᠵᠢᠯ ᠤᠨ ᠲᠤᠷᠰᠢ ᠶᠡᠭᠡ ᠬᠡᠮᠵᠢᠶᠡᠨ ᠤ ᠠᠵᠢᠯ ᠬᠢᠨ᠂ ᠢᠳᠡᠪᠬᠢᠲᠡᠢ ᠪᠠᠷ ᠠᠬᠢᠭᠤᠯᠵᠤ᠂ ᠳᠡᠯᠡᠬᠡᠢ ᠶᠢᠨ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠠᠵᠢᠯ ᠢ ᠲᠠᠰᠤᠷᠠᠯᠲᠠ ᠦᠭᠡᠢ ᠪᠠᠬᠢᠵᠢᠭᠦᠯᠵᠦ᠂ ᠣᠲᠣ ᠰᠢᠨ᠎ᠡ ᠠᠬᠢᠴᠠ ᠲᠠᠢ ᠪᠤᠯᠤᠨ᠂ ᠰᠢᠨ᠎ᠡ ᠱᠠᠲᠤᠨ ᠳᠤ ᠣᠷᠣᠪᠠ᠃     ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠧᠢ ᠵᠢᠶᠠᠨ᠄ ︽ᠮᠠᠨ ᠤ ᠤᠳᠤ ᠶᠢᠨ ᠠᠵᠢᠯ ᠤᠨ ᠠᠬᠢᠴᠠ ᠭᠡᠪᠡᠯ᠂ ᠵᠢᠦᠢ ᠶᠠᠨ ᠤ ᠪᠠᠭᠤᠷᠢ ᠶᠢᠨ ᠣᠷᠣᠨ ᠤ ᠪᠦᠬᠦ᠋ᠢᠯᠡ ᠲᠥᠯᠦᠪᠵᠢᠭᠦᠯᠭᠡ ᠶᠢᠨ ᠬᠠᠭᠤᠴᠢ ᠰᠤᠳᠤᠯᠤᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠥᠯᠦᠪᠵᠢᠭᠦᠯᠭᠡ ᠶᠢ ᠨᠢᠭᠡᠨᠲᠡ ᠬᠢᠵᠦ ᠳᠠᠭᠤᠰᠬᠠᠭᠠᠳ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠤᠪᠴᠢᠶᠠᠨ ᠤ ᠵᠥᠪᠰᠢᠶᠡᠷᠡᠯ ᠢ ᠬᠦᠯᠢᠶᠡᠵᠦ ᠪᠠᠶᠢᠨ᠎ᠠ︾ ᠭᠡᠪᠡ᠃    ᠳᠠᠷᠠᠭᠠᠴᠢ ᠶᠢᠨ ᠠᠯᠬᠤᠮ ᠳᠤ᠂  ᠮᠠᠨ ᠤ ᠬᠤᠰᠢᠭᠤᠨ ᠤ ᠬᠢᠨ ᠲᠤᠰᠬᠠᠢ ᠮᠡᠷᠭᠡᠵᠢᠯᠲᠡᠨ ᠡᠷᠳᠡᠮᠲᠡᠨ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠤᠨ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ ᠵᠢᠦᠢ ᠶᠠᠨ ᠤ ᠪᠠᠭᠤᠷᠢ ᠶᠢ ᠳᠡᠯᠡᠬᠡᠢ ᠶᠢᠨ ᠰᠣᠶᠣᠯ ᠤᠨ ᠥᠪ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠬᠦ ᠪᠠᠷ ᠴᠢᠷᠮᠠᠶᠢᠨ᠎ᠠ᠃     ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠧᠢ ᠵᠢᠶᠠᠨ᠄ ︽ᠵᠢᠦᠢ ᠶᠠᠨ ᠤ ᠪᠠᠭᠤᠷᠢ ᠶᠢᠨ ᠲᠠᠷᠠᠭᠠᠴᠢ ᠶᠢᠨ ᠠᠯᠬᠤᠮ ᠤᠨ ᠠᠵᠢᠯ ᠪᠣᠯ ᠵᠢᠦᠢ ᠶᠠᠨ ᠤ ᠬᠠᠮᠠᠭᠠᠯᠠᠯᠲᠠ ᠶᠢᠨ ᠲᠥᠯᠦᠪᠵᠢᠭᠦᠯᠭᠡ ᠵᠦᠪᠰᠢᠶᠡᠷᠡᠯ ᠢ ᠲᠦᠷᠭᠡᠨ ᠠᠬᠢᠭᠤᠯᠬᠤ ᠶᠠᠪᠤᠳᠠᠯ ᠪᠣᠯᠣᠨ᠎ᠠ᠂ ᠵᠥᠪᠰᠢᠶᠡᠷᠡᠭᠰᠡᠨ ᠤ ᠲᠠᠷᠠᠭ᠎ᠠ ᠲᠦᠷᠭᠡᠬᠡᠨ ᠬᠡᠷᠡᠭᠵᠢᠭᠦᠯᠬᠦ ᠬᠡᠷᠡᠭᠲᠡᠢ᠃ ᠮᠢᠨᠤ ᠦᠵᠡᠬᠦ ᠪᠠᠷ ᠢᠷᠡᠭᠡᠳᠦᠢ ᠳᠤ ᠵᠢᠦᠢ ᠶᠠᠨ ᠤ ᠠᠵᠢᠯ ᠢ ᠬᠢᠬᠦ ᠳᠤ ᠬᠦᠷᠪᠡᠯ ᠮᠠᠨ ᠤ ᠪᠦᠬᠦ ᠥᠪᠥᠷ ᠮᠣᠩᠭᠤᠯ ᠣᠷᠣᠨ ᠤ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠨᠡᠶᠢᠭᠡᠮᠯᠢᠭ ᠲᠤ ᠮᠠᠰᠢ ᠶᠡᠭᠡ ᠲᠦᠯᠬᠢᠴᠡ ᠦᠢᠯᠡᠳᠦᠯ ᠦᠵᠡᠭᠦᠯᠵᠦ ᠮᠡᠳᠡᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号