ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠᠬᠢ ᠬᠦᠴᠢᠷ ᠠᠰᠠᠭᠤᠳᠠᠯ ᠪᠠ ᠥᠪᠡᠷᠮᠢᠴᠡ ᠬᠡᠷᠡᠭᠴᠡᠭᠡ ᠶᠢ | ᠨᠠᠷᠢᠯᠢᠭ ᠤᠨᠤᠪᠴᠢᠲᠠᠢ ᠪᠠᠷ ᠢᠯᠡᠷᠡᠭᠦᠯᠦᠨ ᠰᠢᠢᠳᠪᠦᠷᠢᠯᠡᠬᠦ ᠶᠢᠨ ᠲᠤᠰᠠᠳᠠ᠂ ᠬᠤᠰᠢᠭᠤᠨ ᠤ ᠰᠤᠪᠨᠠᠭᠤᠷ ᠨᠡᠶᠢᠭᠡᠮ | ᠲᠣᠭᠤᠷᠢᠭ ᠤᠨ ᠬᠢᠨ ︽ᠨᠡᠶᠢᠭᠡᠮ ᠲᠣᠭᠤᠷᠢᠭ + ᠠᠳᠠᠯ ᠠᠬᠤᠢ︾ ᠶᠢᠨ ᠬᠠᠮᠲᠤᠪᠠᠷ ᠵᠥᠪᠳᠡᠯᠴᠡᠨ ᠬᠠᠮᠲᠤᠪᠠᠷ | ᠵᠠᠰᠠᠬᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠰᠦᠪᠡᠭᠴᠢᠯᠡᠵᠦ᠂ ︽ᠱᠦᠵᠢ ᠲᠠᠢ ᠲᠤᠳᠤᠨᠤᠰᠤᠭ ᠢᠶᠠᠷ | ᠶᠠᠷᠢᠯᠴᠠᠬᠤ︾ ᠶᠢ ᠲᠦᠰᠢᠭᠯᠡᠨ᠂ ᠰᠣᠯᠢᠯᠴᠠᠭᠠᠨ ᠤ ᠲᠠᠪᠴᠠᠩ ᠢ ᠰᠠᠭᠠᠳ ᠦᠭᠡᠢ ᠨᠠᠪᠲᠠᠷᠡᠭᠦᠯᠵᠦ᠂ ︽ᠵᠠᠰᠠᠯᠲᠠ ᠶᠢᠨ | ᠬᠠᠮᠳᠤ ᠶᠢᠨ ᠬᠦᠴᠦᠨ ᠢ ᠨᠢᠭᠳᠠᠷᠠᠭᠤᠯᠤᠨ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠬᠤᠪᠢᠷᠠᠭᠤᠯᠵᠤ᠂ | ᠠᠳᠠᠯ ᠠᠬᠤᠢ ᠶᠢᠨ ᠦᠢᠯᠡᠴᠢᠯᠡᠭᠡ ᠶᠢ ᠳᠤᠯᠠᠭᠠᠴᠠᠭᠤᠯᠬᠤ︾ ᠶᠢ ᠠᠬᠢᠭᠤᠯᠵᠤ᠂ ᠨᠡᠶᠢᠭᠡᠮ ᠲᠣᠭᠤᠷᠢᠭ ᠤᠨ | ᠵᠠᠰᠠᠯᠲᠠ ᠶᠢ ᠨᠠᠷᠢᠯᠢᠭᠵᠢᠭᠤᠯᠬᠤ᠂ ᠨᠠᠷᠢᠯᠢᠭ ᠤᠨᠤᠪᠵᠢᠭᠤᠯᠬᠤ ᠴᠢᠭᠯᠡᠯ ᠳᠠᠰᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ ᠬᠥᠭᠵᠢᠭᠦᠯᠦᠨ᠎ᠡ᠃ | ᠣᠶᠢᠷ᠎ᠠ ᠶᠢᠨ ᠡᠳᠤᠷ᠂ ᠰᠤᠪᠨᠠᠭᠤᠷ ᠨᠡᠶᠢᠭᠡᠮ ᠲᠣᠭᠤᠷᠢᠭ ᠲᠤ᠂ ᠬᠠᠷᠢᠶᠠᠳᠤ ᠤᠷᠤᠨ ᠤ ᠰᠠᠭᠤᠭᠠᠯᠢ ᠠᠷᠠᠳ ᠤᠨ | ᠲᠣᠭᠤᠷᠢᠭ ᠤᠨ ᠬᠤᠶᠠᠷ ᠠᠳᠠᠯ ᠠᠬᠤᠢ ᠶᠢᠨ ᠺᠣᠮᠫᠠᠨᠢ ᠶᠢᠨ ᠬᠠᠤᠯᠢ ᠶᠢᠨ ᠡᠲᠡᠭᠡᠳ᠂ ᠠᠳᠠᠯ ᠠᠬᠤᠢ ᠶᠢᠨ ᠳᠠᠭᠠᠭᠠᠮᠠᠯ᠂ | ᠠᠵᠤ ᠦᠢᠯᠡᠰ ᠤᠨ ᠵᠥᠪᠯᠡᠯ ᠤᠨ ᠪᠦᠷᠢᠯᠳᠦᠭᠦᠨ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ᠂ ᠲᠤᠤᠷᠵᠢᠯ | ᠬᠠᠮᠢᠶᠠᠷᠤᠯᠳᠠ ᠶᠢᠨ ᠠᠵᠢᠯᠲᠠᠨ ᠵᠡᠷᠭᠡ 23 ᠬᠥᠮᠥᠨ ᠢᠶᠠᠷ ᠪᠦᠷᠢᠯᠳᠦᠭᠰᠡᠨ ︽ᠱᠦᠵᠢ ᠲᠠᠢ ᠲᠤᠳᠤᠨᠤᠰᠤᠭ ᠢᠶᠠᠷ | ᠶᠠᠷᠢᠯᠴᠠᠬᠤ︾ ᠠᠵᠢᠯᠯᠠᠭ᠎ᠠ ᠳᠠᠬᠢᠨᠲᠠ ᠶᠠᠪᠤᠭᠳᠠᠵᠤ᠂ ᠨᠠᠮ ᠤᠨ ᠭᠡᠰᠢᠭᠦᠨ ᠣᠯᠠᠨ ᠲᠦᠮᠡᠨ᠂ ᠰᠠᠭᠤᠭᠠᠯᠢ ᠠᠷᠠᠳ | ᠤᠨ ᠲᠣᠭᠤᠷᠢᠭ ᠤᠨ ᠠᠰᠠᠷ ᠤᠨ ᠣᠷᠣᠢ ᠶᠢᠨ ᠤᠰᠤ ᠰᠡᠷᠭᠡᠶᠢᠯᠡᠬᠦ ᠳᠠᠪᠬᠤᠷᠭ᠎ᠠ ᠠᠴᠠ ᠤᠰᠤ ᠭᠤᠭᠤᠵᠢᠬᠤ᠂ | ᠲᠦᠭᠡᠭᠡᠯ ᠤᠰᠤᠨ ᠤ ᠳᠠᠷᠤᠯᠲᠠ ᠬᠦᠷᠦᠯᠴᠡᠬᠦ ᠦᠭᠡᠢ᠂ ᠪᠣᠬᠢᠷ ᠤᠰᠤᠨ ᠤ ᠬᠤᠭᠤᠯᠠᠢ ᠪᠦᠭᠯᠡᠷᠡᠬᠦ᠂ | ᠳᠤᠯᠠᠭᠠᠯᠠᠭ᠎ᠠ ᠶᠢᠨ ᠬᠤᠭᠤᠯᠠᠢ ᠶᠢ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ ᠨᠡᠭᠡᠭᠡᠯᠳᠡ ᠵᠢᠪᠡᠷᠡᠵᠦ ᠤᠨᠠᠭᠰᠠᠨ | ᠪᠠᠶᠢᠬᠤ᠂ ᠰᠠᠭᠤᠭᠠᠯᠢ ᠠᠷᠠᠳ ᠤᠨ ᠲᠣᠭᠤᠷᠢᠭ ᠲᠤ ᠵᠠᠮ ᠤᠨ ᠳ᠋ᠧᠩ ᠳᠤᠲᠠᠭᠳᠠᠵᠤ᠂ ᠡᠷᠬᠢᠨ ᠲᠣᠭᠤᠷᠢᠨ ᠤ ᠣᠷᠴᠢᠨ | ᠲᠣᠭᠤᠷᠢᠨ ᠨᠢ ᠪᠤᠵᠠᠷ ᠪᠥᠭᠡᠳ ᠡᠮᠬᠢ ᠵᠠᠮᠪᠠᠷᠠᠭ᠎ᠠ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠬᠤ | ᠦᠵᠡᠭᠳᠡᠯ ᠤᠨ ᠲᠤᠬᠠᠢ ᠰᠠᠨᠠᠯ ᠢᠶᠠᠨ ᠢᠳᠡᠪᠬᠢᠲᠠᠢ ᠪᠠᠷ ᠲᠡᠪᠰᠢᠬᠦᠯᠵᠤ᠂ ᠤᠯᠠᠨ ᠢᠶᠠᠷ ᠢᠶᠠᠨ ᠠᠷᠭ᠎ᠠ ᠤᠬᠠᠭᠠᠨ | ᠭᠠᠷᠭᠠᠵᠤ᠂ ᠤᠴᠢᠷ ᠶᠠᠪᠤᠳᠠᠯ ᠢ ᠬᠠᠮᠲᠤ ᠪᠠᠷ ᠵᠥᠪᠳᠡᠯᠴᠡᠬᠦ᠂ ᠬᠦᠴᠢᠷ ᠪᠡᠷᠬᠡᠰᠢᠶᠡᠯ ᠢ ᠬᠠᠮᠲᠤ ᠪᠠᠷ ᠡᠭᠦᠷᠭᠡᠯᠡᠬᠦ᠂ | ᠠᠰᠠᠭᠤᠳᠠᠯ ᠢ ᠬᠠᠮᠲᠤ ᠪᠠᠷ ᠰᠢᠢᠳᠪᠦᠷᠢᠯᠡᠬᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠡᠶ᠎ᠡ ᠵᠣᠬᠢᠴᠠᠯ ᠲᠠᠢ | ᠪᠠᠶᠢᠳᠠᠯ ᠢ ᠪᠤᠢ ᠪᠣᠯᠭᠠᠪᠠ᠃ | ᠰᠠᠭᠤᠭᠠᠯᠢ ᠠᠷᠠᠳ ᠰᠢᠶᠣᠣ ᠴᠠᠢ ᠰᠢᠶᠠ᠄ ︽ᠵᠠᠷᠢᠮ ᠮᠠᠨ ᠤ ᠠᠷᠠᠳ ᠤᠳ ᠤᠨ ᠰᠢᠢᠳᠪᠤᠷᠢᠯᠡᠵᠤ ᠴᠢᠳᠠᠬᠤ | ᠦᠭᠡᠢ ᠬᠦᠴᠢᠷ ᠠᠰᠠᠭᠤᠳᠠᠯ ᠢ ᠡᠨᠡ ᠲᠠᠪᠴᠠᠩ ᠲᠡᠭᠡᠷ᠎ᠡ ᠲᠡᠪᠰᠢᠬᠦᠯᠬᠦ ᠳᠤ ᠮᠠᠰᠢ ᠴᠢᠬᠤᠯᠠᠴᠢᠯᠠᠵᠤ ᠦᠵᠡᠳᠡᠭ᠂ | ᠬᠦᠰᠡᠬᠦ ᠨᠢ ᠡᠨᠡ ᠤᠳᠠᠭᠠᠨ ᠤ ᠱᠦᠵᠢ ᠲᠠᠢ ᠲᠤᠳᠤᠨᠤᠰᠤᠭ ᠢᠶᠠᠷ ᠶᠠᠷᠢᠯᠴᠠᠬᠤ ᠲᠠᠪᠴᠠᠩ ᠢᠶᠠᠷ ᠲᠠᠮᠵᠢᠨ ᠮᠠᠨ ᠤ | ᠰᠠᠭᠤᠭᠠᠯᠢ ᠠᠷᠠᠳ ᠤᠨ ᠡᠩ ᠤᠨ ᠦᠶ᠎ᠡ ᠳᠤ ᠰᠢᠢᠳᠪᠦᠷᠢᠯᠡᠵᠦ ᠳᠡᠶᠢᠯᠬᠦ ᠦᠭᠡᠢ ᠮᠠᠰᠢ ᠤᠯᠠᠨ ᠠᠰᠠᠭᠤᠳᠠᠯ ᠢ | ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ︾ ᠭᠡᠪᠡ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠰᠢᠭᠤᠨ ᠤ ᠬᠢᠨ ︽ᠨᠢᠭᠡ ᠨᠡᠶᠢᠬᠡᠮ ᠲᠤᠭᠤᠷᠢᠭ ᠨᠢᠭᠡ | ᠪᠦᠳᠦᠭᠡᠭᠳᠡᠭᠦᠨ︾ ᠤ ᠰᠡᠳᠬᠢᠴᠡ ᠪᠠᠷ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠳᠡᠭ ᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠮᠲᠤ ᠪᠠᠷ ᠪᠠᠶᠢᠭᠤᠯᠤᠭᠰᠠᠨ ᠨᠢᠭᠡᠴᠡ᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠠᠷᠠᠳ ᠤᠨ ᠴᠠᠭᠳᠠᠭ᠎ᠠ᠂ ᠰᠠᠶᠢᠨ ᠳᠤᠷᠠᠴᠤᠳ᠂ | ᠲᠤᠤᠷᠵᠢᠯ ᠬᠠᠮᠢᠶᠠᠷᠤᠯᠳᠠ ᠶᠢᠨ ᠠᠵᠢᠯᠲᠠᠨ᠂ ᠴᠡᠷᠢᠭ ᠠᠴᠠ ᠬᠠᠯᠠᠭᠳᠠᠭᠰᠠᠳ᠂ ᠠᠳᠠᠯ ᠠᠬᠤᠢ ᠶᠢᠨ ᠠᠵᠢᠯᠲᠠᠨ᠂ | ᠬᠠᠯᠠᠭᠤᠨ ᠰᠡᠳᠬᠢᠯᠳᠤ ᠬᠦᠮᠦᠰ᠂ ᠲᠦᠷᠭᠡᠨ ᠬᠦᠷᠭᠡᠭᠴᠢ ᠵᠡᠷᠭᠡ ᠣᠯᠠᠨ ᠲᠠᠯ᠎ᠠ ᠶᠢᠨ ᠡᠬᠢ ᠪᠠᠶᠠᠯᠢᠭ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ | ᠲᠣᠭᠤᠷᠢᠭ ᠤᠨ ︽ᠨᠠᠶᠢᠵᠠ ᠶᠢᠨ ᠲᠣᠭᠤᠷᠢᠭ︾ ᠢ ᠪᠤᠵᠠᠭᠠᠶᠢᠷᠠᠭᠤᠯᠤᠨ᠂ ︽ᠠᠰᠢᠭᠲᠠᠢ︾ ᠪᠠᠷ ᠰᠤᠷᠤᠯᠴᠠᠬᠤ᠂ | ︽ᠠᠰᠢᠭᠲᠠᠢ︾ ᠪᠠᠷ ᠠᠷᠭ᠎ᠠ ᠤᠬᠠᠭᠠᠨ ᠲᠡᠪᠰᠢᠬᠦᠯᠬᠦ᠂ ︽ᠠᠰᠢᠭᠲᠠᠢ︾ ᠪᠠᠷ ᠬᠤᠯᠪᠤᠭᠠᠯᠠᠨ ᠪᠠᠶᠢᠭᠤᠯᠬᠤ᠂ | ︽ᠠᠰᠢᠭᠲᠠᠢ︾ ᠪᠠᠷ ᠦᠢᠯᠡᠴᠢᠯᠡᠬᠦ᠂ ︽ᠠᠰᠢᠭᠲᠠᠢ︾ ᠪᠠᠷ ᠡᠶᠡᠳᠡᠭᠦᠯᠬᠦ ︽ᠣᠯᠠᠨ ᠡᠰᠢᠲᠦ ᠬᠠᠮᠲᠤ ᠪᠠᠷ ᠵᠠᠰᠠᠬᠤ︾ | ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠨ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ | ᠵᠠᠰᠠᠯᠲᠠ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠪᠣᠯᠪᠠᠰᠤᠨ ᠢ | ᠡᠭᠦᠳᠦᠨ ᠪᠠᠶᠢᠭᠤᠯᠬᠤ᠂ ᠵᠥᠷᠢᠴᠡᠯ ᠢ ᠡᠶᠡᠳᠡᠭᠦᠯᠬᠦ᠂ ᠬᠠᠷᠢᠯᠴᠠᠨ ᠬᠠᠪᠰᠤᠷᠤᠯᠴᠠᠵᠤ ᠨᠠᠰᠤᠲᠠᠨ ᠢ ᠠᠰᠠᠷᠠᠬᠤ | ᠠᠵᠢᠯᠯᠭᠠᠨ ᠳᠤᠮᠳᠠ ᠣᠷᠣᠯᠴᠠᠵᠤ᠂ ᠨᠠᠮ ᠤᠨ ᠪᠠᠶᠢᠭᠤᠯᠤᠯᠲᠠ᠂ ᠡᠮᠴᠢᠯᠡᠭᠡ᠂ ᠰᠣᠶᠣᠯ᠂ ᠨᠠᠰᠤᠲᠠᠨ ᠢ ᠲᠤᠰᠠᠯᠠᠬᠤ᠂ | ᠨᠢᠯᠬᠠᠰ ᠢ ᠬᠠᠶᠢᠷᠠᠯᠠᠬᠤ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠪᠡᠶᠡᠯᠡᠬᠦᠯᠦᠨ᠂ | ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠢ ᠨᠢᠭᠲᠠᠷᠠᠭᠤᠯᠤᠨ ᠪᠤᠵᠠᠭᠠᠶᠢᠷᠠᠭᠤᠯᠪᠠ᠃ | | ᠰᠤᠪᠨᠠᠭᠤᠷ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠵᠤᠤ ᠶᠦᠩ ᠵᠢᠶᠧ᠄ | ︽ᠰᠤᠪᠨᠠᠭᠤᠷ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠤ᠂ ︽ᠱᠦᠵᠢ | ᠲᠠᠢ ᠲᠤᠳᠤᠨᠤᠰᠤᠭ ᠢᠶᠠᠷ ᠶᠠᠷᠢᠯᠴᠠᠬᠤ︾ ᠲᠠᠪᠴᠠᠩ ᠢ ᠠᠰᠢᠭᠯᠠᠨ᠂ ᠰᠠᠭᠤᠭᠠᠯᠢ ᠠᠷᠠᠳ ᠲᠠᠢ ᠨᠢᠭᠲᠠ ᠬᠠᠷᠢᠯᠴᠠᠬᠤ | ᠬᠥᠭᠦᠷᠭᠡ ᠬᠤᠯᠪᠤᠭᠠᠰᠤ ᠶᠢ ᠪᠠᠶᠢᠭᠤᠯᠵᠤ᠂ ᠨᠡᠩ ᠳᠣᠲᠣᠨᠣ ᠪᠥᠭᠡᠳ ᠥᠨᠳᠥᠷ ᠪᠦᠲᠦᠮᠵᠢᠲᠡᠢ ᠦᠢᠯᠡᠴᠢᠯᠡᠭᠡ | ᠬᠠᠩᠭᠠᠨ᠎ᠠ᠃ ᠲᠠᠷᠠᠭᠠᠴᠢ ᠶᠢᠨ ᠠᠯᠬᠤᠮ ᠳᠤ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠬᠦᠴᠦᠯᠡᠵᠦ᠂ | ︽ᠱᠦᠵᠢ ᠲᠠᠢ ᠲᠤᠳᠤᠨᠤᠰᠤᠭ ᠢᠶᠠᠷ ᠶᠠᠷᠢᠯᠴᠠᠬᠤ︾ ᠲᠠᠪᠴᠠᠩ ᠤ ᠪᠦᠷᠬᠦᠴᠡ ᠶᠢᠨ ᠬᠡᠪᠴᠢᠶ᠎ᠡ ᠶᠢ ᠴᠢᠨᠠᠭᠰᠢᠳᠠ | ᠥᠷᠭᠡᠳᠬᠡᠵᠦ᠂ ︽ᠰᠠᠶᠢᠨ ᠠᠷᠭ᠎ᠠ︾ ᠴᠤᠭᠯᠠᠭᠤᠯᠬᠤ ᠠᠷᠭ᠎ᠠ ᠵᠠᠮ ᠢᠶᠠᠨ ᠦᠷᠭᠡᠳᠬᠡᠨ᠂ ᠲᠦᠷᠭᠡᠨ ᠲᠤᠰᠬᠠᠯ | ᠭᠠᠷᠭᠠᠬᠤ ᠠᠵᠢᠯ ᠤᠨ ᠲᠠᠪᠴᠠᠩ ᠢ ᠪᠠᠶᠢᠭᠤᠯᠤᠨ᠎ᠠ᠃ ᠡᠭᠦᠨ ᠤ ᠵᠡᠷᠭᠡᠪᠡᠷ᠂ ᠡᠯ᠎ᠡ ᠲᠦᠷᠦᠯ ᠤᠨ ᠡᠬᠢ ᠪᠠᠶᠠᠯᠢᠭ ᠢ | ᠤᠨᠤᠪᠴᠢᠲᠠᠢ ᠵᠣᠯᠭᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠠᠷᠠᠳ ᠤᠨ ᠠᠮᠢᠳᠤᠷᠠᠯ ᠤᠨ ᠠᠯᠢ ᠤᠯᠠᠨ | ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ︽ᠠᠷᠠᠳ ᠤᠨ ᠬᠦᠰᠡᠯ ᠱᠠᠭᠠᠷᠳᠠᠯᠭ᠎ᠠ ᠶᠢ ᠪᠢ | ᠭᠦᠢᠴᠡᠳᠬᠡᠬᠦ︾᠂ ︽ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠪᠢ ᠭᠦᠢᠴᠡᠳᠬᠡᠬᠦ︾ ᠶᠢ ᠦᠨᠡᠨᠬᠦ ᠪᠡᠶᠡᠯᠡᠬᠦᠯᠦᠨ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯ ᠤᠨ | ᠲᠥᠷᠥᠭᠳᠡᠯ ᠢ ᠦᠷᠭᠦᠯᠵᠢᠯᠡᠨ ᠲᠡᠭᠡᠭᠰᠢᠯᠡᠬᠦᠯᠦᠨ᠎ᠡ︾ ᠭᠡᠪᠡ᠃ |