ᠡᠵᠡᠨ᠎ᠡ ᠬᠤᠰᠢᠭᠤ ︽ᠢᠨᠲ᠋ᠧᠷ ᠰᠦᠯᠵᠢᠶᠠᠨ ᠤ ᠬᠦᠮᠦᠨ ᠦᠬᠡᠢ ᠬᠠᠤᠯᠢᠵᠢᠯ ᠤᠨ ᠭᠠᠵᠠᠷ︾ ᠲᠤ 24 ᠴᠠᠭ ᠤᠨ ᠰᠦᠢᠳᠭᠡᠯ ᠬᠤᠷᠢᠶᠠᠬᠤ ᠦᠭᠡᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠠᠵᠢᠯ ᠢ ᠬᠢᠵᠦ ᠪᠤᠢ
ᠨᠡᠶᠢᠲᠡᠯᠡᠭᠰᠡᠨ ᠴᠠᠭ᠄
2025/5/8
    ᠣᠶᠢᠷ᠎ᠠ ᠶᠢᠨ ᠡᠳᠦᠷ᠂ ᠡᠵᠡᠨ᠎ᠡ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠨᠢ ᠨᠠᠮ ᠪᠠ ᠣᠯᠠᠨ ᠳᠥᠮᠡᠨᠴᠢ ᠪᠦᠯᠬᠦᠮ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠲᠤ       ︽ᠢᠨᠲ᠋ᠧᠷ ᠰᠦᠯᠵᠢᠶᠡᠨ ᠤ ᠬᠦᠮᠦᠨ ᠥᠬᠡᠶ ᠬᠠᠤᠯᠢᠵᠢᠯ ᠤᠨ ᠭᠠᠵᠠᠷ︾ ᠢ ᠵᠢᠩᠬᠢᠨᠢ ᠪᠠᠷ ᠬᠡᠷᠡᠭᠯᠡᠵᠦ᠂ ᠲᠣᠰ ᠲᠥᠬᠦᠭᠡᠷᠦᠮᠵᠢ ᠨᠢ ︽ᠢᠨᠲ᠋ᠧᠷ ᠰᠦᠯᠵᠢᠶ᠎ᠠ + ᠬᠠᠤᠯᠢ ᠴᠠᠭᠠᠵᠠ︾ ᠶᠢᠨ ᠵᠠᠭᠪᠤᠷ ᠲᠤ ᠲᠦᠰᠢᠭᠯᠡᠨ᠂ ᠣᠯᠠᠨ ᠲᠦᠮᠡᠨ ᠳᠤ ︽ᠴᠠᠭ ᠲᠤᠬᠠᠶ ᠳᠤᠨᠢ ᠭᠦᠢᠴᠡᠳᠭᠡᠬᠦ︾᠂ ︽ᠣᠶᠢᠷ᠎ᠠ ᠬᠠᠪᠢ ᠳᠠᠭᠠᠨ ᠭᠦᠢᠴᠡᠳᠭᠡᠬᠦ︾ ᠲᠤᠰᠬᠠᠶ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃    ᠡᠤ ᠠᠪᠠᠭ᠋ᠠᠢ ᠨᠠᠮ ᠪᠠ ᠣᠯᠠᠨ ᠳᠥᠮᠡᠨᠴᠢ ᠪᠦᠯᠬᠦᠮ ᠤᠨ ᠦᠢᠯᠡᠴᠢᠯᠡᠭᠡᠨ ᠤ ᠲᠥᠪ ᠨᠢ ︽ᠢᠨᠲ᠋ᠧᠷ ᠰᠦᠯᠵᠢᠶᠡᠨ ᠤ ᠬᠥᠮᠦᠨ ᠦᠭᠡᠢ ᠬᠠᠤᠯᠢᠵᠢᠯ ᠤᠨ ᠭᠠᠵᠠᠷ︾ ᠢ ᠬᠡᠷᠡᠭᠯᠡᠭᠰᠡᠨ ᠰᠤᠷᠠᠭ ᠢ ᠰᠣᠨᠣᠰᠤᠭᠰᠠᠨ ᠤ ᠳᠠᠷᠠᠭ᠎ᠠ ᠬᠠᠤᠯᠢ ᠴᠠᠭᠠᠵᠠ ᠶᠢᠨ ᠵᠥᠪᠯᠡᠯᠭᠡ ᠬᠢᠬᠦ ᠪᠠᠷ ᠢᠷᠡᠵᠡᠢ᠃ ᠠᠵᠢᠯᠲᠠᠳ ᠲᠡᠭᠦᠨ ᠢ ᠵᠢᠯᠣᠭᠤᠳᠤᠨ ᠪᠡᠶ᠎ᠡ ᠶᠢᠨ ᠦᠨᠡᠮᠯᠡᠯ ᠢᠶᠠᠷ ᠨᠢ ᠬᠥᠮᠦᠨ ᠥᠬᠡᠶ ᠬᠠᠤᠯᠢ ᠶᠢᠨ ᠭᠠᠵᠠᠷ ᠤᠨ ᠡᠭᠦᠳᠡ ᠶᠢ ᠨᠡᠭᠡᠭᠡᠭᠰᠡᠨ ᠤ ᠳᠠᠷᠠᠭ᠎ᠠ᠂ ᠳᠡᠯᠭᠡᠴᠡ ᠶᠢᠨ ᠠᠵᠢᠯᠯᠠᠭᠠᠨ ᠤ ᠰᠠᠨᠠᠭᠤᠯᠭ᠎ᠠ ᠪᠠᠷ ᠠᠰᠠᠭᠤᠨ ᠯᠠᠪᠯᠠᠬᠤ ᠴᠢᠬᠤᠯᠠᠲᠠᠶ ᠵᠦᠢᠯᠡᠰ ᠢ ᠰᠣᠩᠭᠤᠵᠤ᠂ ᠰᠢᠰᠲ᠋ᠧᠮ ᠨᠢ ᠨᠢᠭᠡ ᠮᠢᠨᠦ᠋ᠲ ᠪᠣᠯᠤᠯ ᠥᠬᠡᠶ ᠪᠠᠷ ᠬᠠᠤᠯᠢᠴᠢ ᠲᠠᠢ ᠵᠣᠬᠢᠴᠠᠯᠳᠤᠵᠤ ᠲᠡᠭᠦᠨ ᠳᠤ ᠠᠯᠤᠰ ᠡᠵᠡᠮᠰᠢᠯᠲᠦ ᠸᠢᠳᠢᠣ᠋ ᠶᠢᠨ ᠵᠥᠪᠯᠡᠯᠭᠡ ᠬᠠᠩᠭᠠᠵᠤ᠂ ᠡᠤ ᠠᠪᠠᠭ᠋ᠠᠶ ᠶᠢᠨ ᠪᠣᠳᠤᠯᠭᠠᠰᠢᠯ ᠤᠨ ᠠᠰᠠᠭᠤᠯᠳᠠ ᠶᠢ ᠬᠠᠷᠢᠭᠤᠯᠪᠠ᠃    ᠣᠶᠢᠯᠠᠭᠠᠭᠰᠠᠨ ᠢᠶᠠᠷ᠂ ︽ᠢᠨᠲ᠋ᠧᠷ ᠰᠦᠯᠵᠢᠶᠡᠨ ᠤ ᠬᠦᠮᠦᠨ ᠥᠬᠡᠶ ᠬᠠᠤᠯᠢᠵᠢᠯ ᠤᠨ ᠭᠠᠵᠠᠷ︾ ᠨᠢ ᠢᠨᠲ᠋ᠧᠷ ᠰᠦᠯᠵᠢᠶᠡᠨ ᠤ ᠲᠠᠪᠴᠠᠩ ᠳᠤ ᠲᠦᠰᠢᠭᠯᠡᠨ ᠪᠥᠬᠦ ᠤᠯᠤᠰ ᠤᠨ 5 ᠲᠦᠮᠡ ᠭᠠᠷᠤᠶ ᠬᠠᠤᠯᠢᠴᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ 7 × 24 ᠴᠠᠭ ᠤᠨ ᠪᠦᠬᠦᠯᠢ ᠡᠳᠦᠷ ᠤᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠳᠤᠮᠳᠠᠴᠢ ᠪᠠᠷ ᠪᠠᠷᠤᠭ 6 ᠰᠧᠺᠦ᠋ᠨ᠋ᠳ᠋ ᠬᠡᠷᠡᠭᠰᠡᠬᠦ ᠪᠣᠯᠣᠨ᠎ᠠ᠃ ᠲᠤᠰ ᠰᠢᠰᠲ᠋ᠧᠮ ᠨᠢ ᠸᠢᠳᠢᠤ᠋ ᠪᠠᠷ ᠠᠰᠠᠭᠤᠨ ᠯᠠᠪᠯᠠᠬᠤ᠂ ᠮᠠᠲ᠋ᠧᠷᠢᠶᠠᠯ ᠢ ᠬᠢᠨᠠᠨ ᠪᠠᠶᠢᠴᠠᠭᠠᠬᠤ ᠵᠡᠷᠭᠡ ᠭᠤᠤᠯ ᠴᠢᠳᠠᠮᠵᠢ ᠲᠠᠢ ᠪᠠᠶᠢᠵᠤ᠂ ᠣᠯᠠᠨ ᠲᠦᠮᠡᠨ ᠸᠢᠳᠢᠣ᠋ ᠪᠠᠷ ᠳᠠᠮᠵᠢᠭᠤᠯᠤᠨ ᠬᠠᠤᠯᠢᠴᠢ ᠲᠠᠢ ᠨᠢᠭᠤᠷᠳᠠᠨ ᠯᠠᠪᠯᠠᠬᠤ ᠪᠤᠶᠤ ᠡᠰᠡᠬᠦᠯ᠎ᠡ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠲᠠᠪᠴᠠᠩ ᠢᠶᠠᠷ ᠳᠠᠮᠵᠢᠭᠤᠯᠤᠨ ᠪᠠᠰᠠ ᠣᠶᠤᠨᠴᠢ ᠬᠠᠤᠯᠢ ᠴᠠᠭᠠᠵᠠ ᠶᠢᠨ ᠪᠠᠭᠠᠵᠢ ᠬᠡᠷᠡᠭᠰᠡᠯ ᠢ ᠬᠠᠩᠭᠠᠵᠤ᠂ ᠡᠭᠦᠨ ᠳᠤ ᠬᠥᠳᠡᠯᠮᠦᠷᠢ ᠶᠢᠨ ᠵᠢᠭᠤᠷᠠᠯᠳᠤᠭᠠᠨ᠂ ᠵᠢᠭᠡᠯᠡᠯᠭᠡ ᠶᠢᠨ ᠵᠢᠭᠤᠷᠠᠯᠳᠤᠭᠠᠨ ᠵᠡᠷᠭᠡ ᠪᠠᠶᠢᠩᠭᠤ ᠲᠣᠬᠢᠶᠠᠯᠳᠤᠳᠠᠭ ᠬᠡᠷᠡᠭ ᠤᠨ ᠨᠢᠭᠡ ᠳᠠᠷᠤᠪᠴᠢᠲᠤ AI ᠰᠢᠢᠳᠪᠦᠷᠢᠯᠡᠬᠦ ᠲᠥᠰᠦᠯ᠂ ᠲᠥᠯᠥᠪᠦᠷᠢ ᠶᠢᠨ ᠵᠠᠷᠤᠳᠠᠯ ᠢ ᠪᠤᠳᠤᠬᠤ ᠵᠢᠴᠢ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠦᠯᠢᠭᠡᠷ ᠬᠡᠪ ᠢ ᠪᠠᠭᠤᠯᠭᠠᠬᠤ᠂ ᠬᠠᠤᠯᠢ ᠲᠣᠭᠲᠠᠭᠠᠯ ᠤᠨ ᠬᠡᠷᠡᠭ ᠤᠨ ᠵᠢᠱᠢᠶ᠎ᠡ ᠶᠢ ᠪᠠᠶᠢᠴᠠᠭᠠᠨ ᠯᠠᠪᠯᠠᠬᠤ ᠵᠡᠷᠭᠡ ᠬᠡᠷᠡᠭᠯᠡᠭᠡᠨ ᠤ ᠴᠢᠳᠠᠮᠵᠢ ᠶᠢ ᠬᠠᠮᠣᠷᠴᠦ ᠪᠤᠢ᠃ ᠠᠯᠢᠪᠠ ᠦᠢᠯᠡᠴᠢᠯᠡᠭᠡ ᠶᠢ ᠰᠦᠢᠳᠭᠡᠯ ᠬᠤᠷᠢᠶᠠᠬᠤ ᠦᠭᠡᠢ ᠪᠠᠷ ᠴᠢᠯᠦᠭᠡᠲᠡᠢ ᠲᠠᠯᠪᠢᠵᠤ᠂ ᠬᠡᠷᠡᠭᠯᠡᠬᠦ ᠳᠤ ᠳᠦᠭᠦᠮ᠂ ᠣᠯᠠᠨ ᠲᠦᠮᠡᠨ ᠤ ᠡᠳᠦᠷ ᠳᠤᠲᠤᠮ ᠤᠨ ᠬᠠᠤᠯᠢ ᠴᠠᠭᠠᠵᠠ ᠶᠢᠨ ᠬᠡᠷᠡᠭᠴᠡᠭᠡ ᠶᠢ ᠪᠦᠲᠦᠮᠵᠢᠲᠡᠢ ᠬᠠᠩᠭᠠᠨ᠂ ︽ᠬᠤᠷᠤᠭᠤᠨ ᠦᠵᠦᠭᠦᠷ ᠳᠡᠭᠡᠷᠡᠬᠢ ᠬᠠᠤᠯᠢ ᠴᠠᠭᠠᠵᠠ ᠶᠢᠨ       ᠦᠢᠯᠡᠴᠢᠯᠡᠭᠡ︾ ᠶᠢ ᠪᠡᠶᠡᠯᠡᠬᠦᠯᠬᠦ ᠪᠤᠯᠤᠨ᠎ᠡ᠃    ᠡᠵᠡᠨ᠎ᠡ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠡᠷᠬᠢᠯᠡᠭᠴᠢ ᠭᠤᠤ ᠰᠢᠩ ᡁᠢ᠄ ︽︽ᠬᠦᠮᠦᠨ ᠥᠬᠡᠶ ᠬᠠᠣᠯᠢᠵᠢᠯ ᠤᠨ ᠭᠠᠵᠠᠷ︾ ᠢ ᠪᠠᠶᠢᠭᠤᠯᠬᠤ ᠪᠠ ᠠᠵᠢᠯᠯᠠᠭᠤᠯᠬᠤ ᠨᠢ ᠥᠷᠭᠡᠨ ᠣᠯᠠᠨ ᠲᠦᠮᠡᠨ ᠳᠤ ᠭᠡᠷ ᠤᠨ ᠢᠶᠠᠨ ᠡᠭᠦᠳᠡᠨ ᠡᠮᠣᠨ᠎ᠡ ᠪᠠᠨ ᠡᠨᠠᠬᠦ ᠤᠯᠠᠨ ᠨᠠᠶᠢᠳᠠ ᠶᠢᠨ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠶᠢ ᠬᠦᠷᠲᠡᠵᠦ᠂ ᠳᠡᠳᠡᠨᠡᠷ ᠲᠤ ᠤᠯᠠᠮ ᠳᠦᠬᠦᠮ ᠣᠶᠢᠯᠡᠴᠢᠯᠡᠭᠡ ᠬᠠᠩᠭᠠᠬᠤ ᠶᠢᠨ ᠳᠦᠯᠦᠭᠡ ᠶᠤᠮ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠨᠢ ᠦᠷᠭᠦᠯᠵᠢᠯᠡᠨ ᠲᠣᠭᠠᠴᠢᠯᠠᠬᠤ ᠪᠠᠷ ᠳᠠᠮᠵᠢᠭᠤᠯᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶ᠋ᠯᠡᠴᠢᠯᠡᠭᠡᠨ ᠤ ︽ᠢᠨᠲ᠋ᠧᠷ ᠰᠦᠯᠵᠢᠶ᠎ᠡ︾ ᠶᠢᠨ ᠰᠢᠨ᠎ᠡ ᠵᠠᠭᠪᠤᠷ ᠢ ᠭᠦᠨᠵᠡᠭᠡᠶ ᠰᠢᠯᠢᠳᠡᠭᠵᠢᠭᠦᠯᠵᠦ᠂ ᠠᠷᠠᠳ ᠲᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠢᠯᠡᠭᠦᠬᠡᠨ ᠭᠠᠷᠭᠠᠨ᠂ ᠠᠷᠠᠳ ᠣᠯᠠᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠢ ᠤᠯᠠᠮ ᠢᠶᠠᠷ ᠳᠡᠭᠡᠭᠰᠢᠯᠡᠬᠦᠯᠦᠨ᠎ᠡ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号