ᠸᠠᠩ ᠯᠢ ᠵᠢᠶᠦ᠋ᠨ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/5/8
     ᠤᠶᠢᠷ᠎ᠠ ᠶᠢᠨ ᠡᠳᠤᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠦᠩᠳᠤᠭᠤᠤᠯ ᠰᠤᠮᠤᠨ ᠤ ᠬᠦᠷᠦᠨᠰᠢᠪᠡᠭᠡ᠂ ᠰᠢᠷ᠎ᠠ ᠲᠡᠯ ᠵᠡᠷᠭᠡ ᠭᠠᠵᠠᠷ ᠤᠷᠤᠨ ᠢᠶᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠢᠶᠠᠷ ᠪᠠᠶᠢᠴᠠᠭᠠᠨ ᠦᠵᠡᠬᠦ᠂  ᠯᠠᠪᠯᠠᠨ ᠠᠰᠠᠭᠤᠬᠤ ᠵᠡᠷᠭᠡ ᠬᠡᠯᠪᠡᠷᠢ ᠪᠠᠷ ᠠᠭᠤᠷᠬᠠᠢ ᠶᠢᠨ ᠠᠵᠤ ᠠᠬᠤᠶᠢᠯᠠᠯ ᠤᠨ ᠠᠮᠢ ᠠᠬᠤᠢ ᠶᠢᠨ ᠰᠡᠷᠭᠦᠭᠡᠯᠲᠡ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃     ᠸᠠᠩ ᠯᠢ ᠵᠢᠶᠦ᠋ᠨ᠂ ᠡᠷᠬᠡᠪᠰᠢ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠤᠯᠭᠠᠨ᠂ ᠠᠵᠤ ᠠᠬᠤᠶᠢᠯᠠᠯ ᠢ ᠵᠢᠯᠣᠭᠤᠳᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢ ᠰᠡᠷᠭᠦᠭᠡᠬᠦ ᠲᠥᠰᠥᠯ ᠢ ᠬᠠᠨᠳᠤᠯᠭᠠᠲᠤ ᠴᠢᠨᠠᠷ ᠲᠠᠢ ᠲᠤᠭᠳᠠᠭᠠᠵᠤ᠂ ᠠᠭᠤᠷᠬᠠᠢ ᠶᠢ ᠰᠡᠷᠭᠦᠭᠡᠬᠦ ᠪᠠ ᠣᠷᠴᠢᠨ ᠲᠣᠭᠤᠷᠢᠨ ᠢ ᠵᠠᠰᠠᠬᠤ ᠵᠡᠷᠭᠡ ᠠᠵᠢᠯ ᠢ ᠰᠢᠨᠵᠢᠯᠡᠬᠦ ᠤᠬᠠᠭᠠᠨᠴᠢ ᠡᠮᠬᠢ ᠳᠢᠭᠯᠢᠮ ᠲᠠᠢ ᠰᠠᠶᠢᠲᠤᠷ ᠬᠢᠨ᠂ ᠠᠵᠤ ᠠᠬᠤᠢ ᠶᠢᠨ ᠬᠥᠭᠵᠢᠯᠲᠡ ᠬᠢᠭᠡᠳ ᠠᠶᠤᠯ ᠦᠭᠡᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠡᠯ᠎ᠡ ᠲᠥᠷᠥᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠤᠨ᠂ ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ  ᠲᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ  ᠪᠤᠯᠭᠠᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠦᠷᠨᠢᠭᠦᠯᠦᠨ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠦᠷ᠎ᠡ ᠪᠦᠳᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠷᠬᠦᠯᠵᠢᠬᠦᠶᠢᠴᠡ ᠬᠥᠭᠵᠢᠯᠲᠡ ᠳᠤ ᠠᠮᠢ ᠠᠬᠤᠢ ᠪᠠ ᠠᠮᠤᠷ ᠲᠦᠪᠰᠢᠨ ᠤ ᠰᠠᠭᠤᠷᠢ ᠶᠢ ᠪᠠᠳᠤᠳᠬᠠᠬᠤ ᠬᠡᠷᠡᠭᠲᠠᠢ᠃ ᠮᠦᠨᠴᠤ ᠬᠤᠰᠢᠭᠤᠨ ᠤ ᠭᠠᠵᠠᠷ ᠨᠤᠲᠤᠭ ᠥᠷᠭᠡᠨ ᠠᠭᠤᠳᠠᠮ᠂ ᠠᠭᠤᠷᠬᠠᠢ ᠶᠢᠨ ᠪᠠᠶᠢᠷᠢᠰᠢᠯ ᠨᠢ ᠲᠠᠷᠠᠬᠠᠢ ᠪᠤᠲᠠᠷᠬᠠᠢ᠂ ᠰᠠᠭᠤᠷᠢ ᠪᠡᠯᠡᠳᠬᠡᠮᠵᠢ ᠶᠢᠨ ᠨᠥᠬᠦᠴᠡᠯ ᠪᠠᠷᠤᠭᠲᠠᠢ᠂ ᠬᠤᠯᠠᠭᠠᠶᠢᠯᠠᠨ ᠮᠠᠯᠲᠠᠬᠤ ᠶᠢ ᠬᠠᠮᠢᠶᠠᠷᠤᠨ ᠡᠵᠡᠮᠳᠡᠬᠦ ᠳᠤ ᠨᠡᠯᠢᠶᠡᠳ ᠬᠦᠴᠢᠷᠲᠡᠢ ᠪᠠᠶᠢᠬᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠡᠬᠢᠨ ᠤ ᠬᠠᠮᠢᠶᠠᠷᠤᠯᠲᠠ ᠶᠢ ᠡᠷᠴᠢᠮᠵᠢᠬᠦᠯᠦᠨ᠂ ᠬᠥᠮᠥᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ᠂ ᠲᠤᠰᠬᠠᠢ ᠪᠠᠶᠢᠴᠠᠭᠠᠯᠳᠠ ᠶᠢᠨ ᠬᠦᠴᠦᠯᠡᠴᠡ ᠪᠠᠨ ᠴᠢᠩᠭᠠᠳᠬᠠᠨ᠂ ᠬᠤᠯᠠᠭᠠᠶᠢᠯᠠᠨ ᠮᠠᠯᠲᠠᠬᠤ  ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠢᠩᠭ᠎ᠠ ᠬᠠᠮᠢᠶᠠᠷᠬᠤ᠂ ᠴᠢᠩᠭ᠎ᠠ ᠪᠠᠶᠢᠴᠠᠭᠠᠬᠤ᠂ ᠴᠢᠩᠭ᠎ᠠ ᠰᠢᠳᠬᠡᠬᠦ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠬᠤ ᠬᠡᠷᠡᠭᠲᠡᠢ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠲᠠᠢ ᠪᠠᠨ ᠤᠶᠠᠯᠳᠤᠭᠤᠯᠵᠤ᠂ ᠬᠠᠷᠢᠶᠠᠳᠤ ᠣᠷᠣᠨ ᠤ ᠳᠣᠲᠣᠷᠠᠬᠢ ᠬᠠᠤᠯᠢ ᠪᠤᠰᠤ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠭᠰᠠᠨ᠂ ᠵᠠᠭᠠᠭ ᠳᠠᠪᠠᠵᠤ ᠨᠡᠭᠡᠭᠡᠨ ᠮᠠᠯᠲᠠᠭᠰᠠᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠭᠰᠠᠨ ᠵᠡᠷᠭᠡ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠥᠷᠭᠡᠨ ᠣᠯᠠᠨ ᠮᠠᠯᠴᠢᠨ ᠲᠠᠷᠢᠶᠠᠴᠢᠳ ᠢ ᠳᠠᠶᠢᠴᠢᠯᠠᠨ ᠬᠠᠮᠢᠶ᠎ᠠ ᠪᠦᠬᠦᠢ ᠰᠦᠪᠡᠭᠴᠢ ᠭᠡᠷᠡᠴᠢ ᠪᠠᠷᠢᠮᠲᠠ ᠶᠢ ᠴᠠᠭ ᠲᠤᠬᠠᠢ ᠳᠤᠨᠢ ᠲᠤᠰᠬᠠᠵᠤ᠂ ᠣᠯᠠᠨ ᠢᠶᠠᠷ ᠢᠶᠠᠨ ᠰᠡᠷᠭᠡᠶᠢᠯᠡᠬᠦ᠂ ᠣᠯᠠᠨ ᠢᠶᠠᠷ ᠢᠶᠠᠨ ᠬᠠᠮᠢᠶᠠᠷᠬᠤ᠂ ᠣᠯᠠᠨ ᠢᠶᠠᠷ ᠢᠶᠠᠨ ᠵᠠᠰᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠨ᠂ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠯ᠎ᠡ᠃     ᠬᠤᠰᠢᠭᠤ ᠤᠳᠤᠷᠢᠳᠤᠯᠭ᠎ᠠ ᠵᠠᠩ ᠪᠢᠨ᠂ ᠬᠤᠤᠰᠪᠠᠭᠠᠨ᠎ᠠ ᠪᠠᠷ᠎ᠠ ᠪᠤᠯᠤᠨ ᠪᠠᠶᠢᠴᠭᠠᠠᠨ ᠰᠤᠳᠤᠯᠤᠯᠳᠠ ᠬᠢᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号