ᠣᠶᠢᠷ᠎ᠠ ᠶᠢᠨ ᠡᠳᠦᠷ᠂ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ | ᠤᠬᠠᠭᠠᠨ ᠤ ᠲᠥᠪ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ 2025 ᠣᠨ ᠤ ᠡᠵᠡᠨ᠎ᠡ ᠬᠤᠰᠢᠭᠤᠨ ᠳᠤ ᠡᠮ | ᠡᠮᠨᠡᠯᠭᠡ ᠪᠠᠷ ᠬᠠᠪᠰᠤᠷᠤᠨ ᠲᠡᠳᠬᠦᠬᠦ ᠠᠵᠢᠯ ᠢ ᠠᠮᠵᠢᠯᠲᠠ ᠲᠠᠢ ᠪᠡᠶᠡᠯᠡᠭᠦᠯᠦᠨ ᠪᠡᠭᠡᠵᠢᠩ ᠳᠡᠭᠡᠨ ᠪᠤᠴᠠᠬᠤ ᠪᠤᠯᠵᠤ᠂ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠦᠳᠡᠨ ᠮᠣᠷᠳᠠᠭᠤᠯᠬᠤ ᠶᠣᠰᠣᠯᠠᠯ ᠶᠠᠪᠤᠭᠳᠠᠭᠤᠯᠪᠠ᠃ | ᠬᠤᠰᠢᠭᠤᠨ ᠤ ᠳᠡᠳ᠋ ᠳᠠᠷᠤᠭ᠎ᠠ ᠶᠧ ᠢᠦᠶ ᠰᠢᠶᠠ ᠶᠤᠰᠤᠯᠠᠯ ᠳᠤ ᠤᠷᠤᠯᠴᠠᠵᠡᠢ᠃ | ᠶᠧ ᠢᠦᠶ ᠰᠢᠶᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠪᠥᠬᠦ ᠬᠤᠰᠢᠭᠤᠨ ᠤ ᠠᠷᠠᠳ | ᠲᠦᠮᠡᠨ ᠢ ᠲᠥᠯᠥᠭᠡᠯᠡᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠳᠤ ︽ᠦᠨᠡᠨ ᠰᠡᠳᠬᠢᠯ ᠠᠴᠠ ᠪᠠᠨ ᠬᠠᠪᠰᠤᠷᠤᠨ | ᠲᠡᠳᠬᠦᠭᠰᠡᠨ ᠦᠷ᠎ᠡ ᠪᠦᠲᠦᠮᠵᠢ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ | ᠪᠢᠴᠢᠭᠯᠡᠰᠦᠭᠡᠶ︾ ᠭᠡᠰᠡᠨ ᠬᠡᠮᠡᠷᠯᠢᠭ ᠲᠤᠭ ᠢ ᠬᠦᠷᠭᠡᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ | ᠡᠮᠴᠢ ᠰᠤᠪᠢᠯᠠᠭᠴᠢᠳ ᠲᠤᠰᠬᠠᠶ ᠮᠡᠷᠭᠡᠵᠢᠯᠲᠡᠨ ᠤ ᠳᠤᠭᠤᠶᠢᠯᠠᠩ ᠳᠤ ᠴᠡᠴᠡᠭ ᠪᠠ ᠪᠡᠯᠡᠭ ᠬᠦᠷᠭᠡᠨ᠂ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠬᠠᠪᠰᠤᠷᠤᠨ ᠲᠡᠳᠬᠦᠬᠦ ᠬᠤᠭᠤᠴᠠᠭᠠᠨ ᠳᠤ ᠬᠠᠷᠠᠮ ᠥᠬᠡᠶ ᠵᠣᠷᠢᠭᠤᠯᠵᠤ | ᠲᠤᠰᠠᠯᠠᠭᠰᠠᠨ ᠳᠤ ᠭᠦᠨ ᠲᠠᠯᠠᠷᠬᠠᠵᠤ ᠪᠠᠶᠢᠬᠤ ᠪᠠᠨ ᠢᠯᠡᠳᠬᠡᠪᠡ᠃ | 2022 ᠣᠨ ᠠᠴᠠ ᠡᠬᠢᠯᠡᠨ᠂ ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠶᠢᠰᠦᠳᠦᠭᠡᠷ | ᠠᠨᠠᠭᠠᠬᠤ ᠤᠬᠠᠭᠠᠨ ᠤ ᠲᠥᠪ ᠨᠢ ᠮᠠᠨ ᠤ ᠬᠤᠰᠢᠭᠤ ᠲᠠᠢ ᠬᠠᠮᠲᠤ ᠪᠠᠷ ᠪᠠᠶᠢᠭᠤᠯᠵᠤ ᠬᠠᠪᠰᠤᠷᠤᠨ ᠲᠡᠳᠬᠦᠬᠦ ᠠᠵᠢᠯ ᠢ | ᠦᠷᠨᠢᠬᠦᠯᠵᠤ᠂ ᠳᠦᠷᠪᠡᠨ ᠵᠢᠯ ᠭᠠᠷᠤᠢ ᠶᠢᠨ ᠲᠤᠷᠰᠢ᠂ 26 ᠲᠤᠰᠬᠠᠢ ᠮᠡᠷᠭᠡᠵᠢᠯᠲᠡᠨ ᠢ ᠲᠣᠮᠢᠯᠠᠨ ᠦᠨᠡᠨ | ᠰᠡᠳᠬᠢᠯ ᠠᠴᠠ ᠪᠠᠨ ᠬᠠᠪᠰᠤᠷᠤᠨ᠂ ᠴᠢᠩ ᠰᠡᠳᠬᠢᠯ ᠠᠴᠠ ᠪᠠᠨ ᠵᠢᠭᠠᠨ ᠰᠤᠷᠭᠠᠵᠤ᠂ 800 ᠭᠠᠷᠤᠢ ᠬᠥᠮᠦᠨ | ᠤᠳᠠᠭ᠎ᠠ ᠶᠢ ᠪᠤᠯᠪᠠᠰᠤᠷᠠᠭᠤᠯᠤᠨ᠂ ᠰᠢᠨ᠎ᠡ ᠲᠤᠬᠠᠶᠢᠯᠠᠭᠰᠠᠨ ᠠᠵᠢᠯ᠂ ᠰᠢᠨ᠎ᠡ ᠮᠡᠷᠭᠡᠵᠢᠯ ᠢ 57 ᠵᠦᠢᠯ ᠬᠥᠭᠵᠢᠭᠦᠯᠦᠨ | ᠪᠤᠶᠢᠵᠢᠭᠤᠯᠵᠤ᠂ ᠤᠯᠠᠨ ᠲᠦᠷᠦᠯ ᠤᠨ ᠮᠡᠷᠭᠡᠵᠢᠯ ᠤᠨ ᠬᠤᠭᠤᠰᠣᠨ ᠢ ᠨᠦᠬᠦᠪᠦᠷᠢᠯᠡᠨ᠂ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠬᠡᠪ ᠢᠶᠠᠨ ᠰᠠᠬᠢᠵᠤ ᠪᠠᠶᠢᠭᠰᠠᠨ ᠠᠴᠠ ᠰᠢᠨᠡᠴᠢᠯᠡᠯᠲᠡ ᠰᠢᠪᠲᠤᠯᠤᠯᠲᠠ ᠲᠠᠢ | ᠪᠣᠯᠭᠠᠨ ᠬᠤᠪᠢᠷᠠᠭᠤᠯᠪᠠ᠃ ᠡᠨᠡ ᠬᠤᠭᠤᠴᠠᠭᠠᠨ ᠳᠤ ᠲᠤᠰᠬᠠᠢ ᠮᠡᠷᠭᠡᠵᠢᠯᠲᠡᠳ ᠤᠷᠢᠳ ᠬᠤᠵᠢᠳ ᠪᠦᠬᠦ | ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠲᠤ 34 ᠤᠳᠠᠭ᠎ᠠ ᠠᠯᠪᠠᠨ ᠵᠢᠷᠤᠮ ᠤᠨ | ᠡᠮᠴᠢᠯᠡᠭᠡ ᠥᠷᠨᠢᠭᠦᠯᠵᠦ᠂ 3 ᠲᠦᠮᠡ ᠭᠠᠷᠤᠢ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠣᠯᠠᠨ ᠲᠦᠮᠡᠨ ᠤ | ᠡᠪᠡᠳᠴᠢᠨ ᠦᠵᠡᠭᠦᠯᠬᠦ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠴᠢᠯᠥᠭᠡᠯᠡᠬᠦ ᠴᠡᠷᠢᠭ ᠤᠨ ᠶᠡᠷᠦᠩᠬᠡᠶ | ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠠᠴᠠ ᠪᠠᠶᠢᠭᠤᠯᠤᠭᠰᠠᠨ ᠰᠠᠭᠠᠳ ᠥᠬᠡᠶ | ᠨᠡᠪᠳᠡᠷᠡᠬᠦ ᠣᠨᠣᠰᠢᠯᠠᠬᠤ ᠵᠠᠮ ᠨᠢ ᠵᠢᠯ ᠪᠦᠷᠢ ᠮᠠᠨ ᠤ ᠬᠤᠰᠢᠭᠤᠨ ᠤ 300 ᠭᠠᠷᠤᠶ ᠡᠪᠡᠳᠴᠢᠲᠡᠨ ᠤ ᠪᠡᠭᠡᠵᠢᠩ ᠳᠤ | ᠬᠦᠷᠴᠦ ᠡᠪᠡᠳᠴᠢᠨ ᠦᠵᠡᠭᠦᠯᠬᠦ ᠳᠤ ᠪᠠᠲᠤ ᠪᠠᠬᠢ ᠡᠮᠴᠢᠯᠡᠭᠡᠨ ᠤ ᠪᠠᠲᠤᠯᠠᠭ᠎ᠠ ᠬᠠᠩᠭᠠᠵᠡᠢ᠃ ᠣᠲᠣ ᠪᠣᠯᠲᠠᠯ᠎ᠠ᠂ | ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠨᠢ | ᠮᠠᠨ ᠤ ᠬᠤᠰᠢᠭᠤᠨ ᠳᠤ ᠨᠡᠶᠢᠲᠡ 2250 ᠲᠦᠮᠡ ᠭᠠᠷᠤᠶ ᠲᠥᠭᠦᠷᠢᠭ ᠤᠨ ᠡᠮᠴᠢᠯᠡᠭᠡᠨ ᠤ ᠲᠥᠬᠦᠭᠡᠷᠦᠮᠵᠢ ᠶᠢ | ᠦᠨ᠎ᠡ ᠲᠥᠯᠥᠪᠦᠷᠢ ᠥᠬᠡᠶ ᠪᠠᠷ ᠬᠠᠨᠳᠢᠪᠯᠠᠵᠤ᠂ ᠮᠠᠨ ᠤ ᠬᠤᠰᠢᠭᠤᠨ ᠤ ᠡᠮᠴᠢᠯᠡᠭᠡᠨ ᠤ ᠣᠨᠣᠰᠢᠯᠠᠭ᠎ᠠ ᠶᠢᠨ | ᠣᠨᠣᠪᠴᠢᠲᠤ ᠴᠢᠨᠠᠷ ᠪᠠ ᠡᠮᠴᠢᠯᠡᠭᠡᠨ ᠤ ᠪᠦᠲᠦᠮᠵᠢᠲᠦ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ | ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠯᠦᠸᠧ ᠢᠦᠢ᠄ ︽ᠲᠦᠷᠪᠡᠨ | ᠵᠢᠯ ᠤᠨ ᠲᠤᠷᠰᠢ᠂ ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ | ᠤᠬᠠᠭᠠᠨ ᠤ ᠲᠥᠪ ᠨᠢ ᠳᠡᠭᠡᠳᠦ ᠬᠡᠮᠵᠢᠶᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠡᠪᠦᠷᠯᠡᠵᠦ | ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠢ ᠬᠥᠮᠦᠵᠢᠭᠦᠯᠬᠦ᠂ ᠠᠯᠤᠰ ᠠᠴᠠ ᠡᠮᠴᠢᠯᠡᠬᠦ ᠵᠡᠷᠭᠡ ᠤᠯᠠᠨ | ᠬᠡᠯᠪᠡᠷᠢ ᠪᠠᠷ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠰ ᠲᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠪᠡ︾ ᠭᠡᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠴᠢᠯᠥᠭᠡᠯᠡᠬᠦ ᠴᠡᠷᠢᠭ ᠤᠨ | ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠯᠦᠭᠡ ᠶᠢᠨ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢᠶᠠᠷ ᠲᠦᠰᠢᠭ | ᠪᠤᠯᠭᠠᠨ᠂ ᠴᠡᠷᠢᠭ ᠠᠷᠠᠳ ᠬᠠᠮᠲᠤ ᠪᠠᠷ ᠪᠠᠶᠢᠭᠤᠯᠬᠤ ᠪᠠᠷ ᠬᠤᠯᠪᠣᠭᠠᠰᠤ ᠪᠤᠯᠭᠠᠵᠤ᠂ ᠨᠠᠩ ᠣᠯᠠᠨ ᠠᠷᠠᠳ ᠲᠤ ᠠᠰᠢᠭ | ᠬᠦᠷᠲᠡᠭᠡᠬᠦ ᠡᠮᠴᠢᠯᠡᠭᠡᠨ ᠤ ᠠᠵᠢᠯᠯᠠᠭ᠎ᠠ ᠦᠷᠨᠢᠬᠦᠯᠦᠨ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠵᠤ᠂ ᠡᠷᠡᠭᠦᠯ | ᠡᠩᠬᠡ ᠡᠵᠡᠨ᠎ᠡ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | |