ᠤᠢᠢᠷ᠎ᠠ ᠶᠢᠨ ᠵᠢᠯ ᠠᠴᠠ᠂ ᠳᠠᠯᠠᠶᠢᠬᠦ᠋ᠪ ᠪᠠᠯᠭᠠᠰᠤᠨ ᠤ ᠵᠢᠷᠭᠠᠯᠠᠩᠲᠤ ᠨᠡᠶᠢᠭᠡᠮ ᠲᠣᠭᠤᠷᠢᠭ ᠨᠢ | ᠢᠮᠠᠭᠲᠠ ︽ᠨᠠᠰᠤᠲᠠᠶᠢᠴᠤᠳ ᠤᠨ ᠠᠮᠢᠳᠤᠷᠠᠯ ᠢ ᠨᠡᠩ ᠨᠡᠷ᠎ᠡ ᠬᠦᠨᠳᠦ ᠲᠠᠢ᠂ ᠨᠡᠩ ᠬᠠᠯᠠᠭᠤᠨ ᠳᠤᠯᠠᠭᠠᠨ ᠪᠣᠯᠭᠠᠬᠤ︾ | ᠶᠢ ᠦᠨᠳᠦᠰᠦᠨ ᠱᠠᠲᠤᠨ ᠤ ᠦᠢᠯᠡᠴᠢᠯᠡᠭᠡᠨ ᠤ ᠴᠢᠬᠤᠯᠠ ᠬᠠᠷᠠᠯᠲᠠ ᠪᠣᠯᠭᠠᠵᠤ᠂ ᠨᠠᠰᠤᠲᠠᠶᠢᠴᠤᠳ ᠤᠨ ᠤᠯᠠᠨ | ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠠᠵᠢᠯᠯᠠᠭᠠᠨ ᠤ | ᠲᠠᠪᠴᠠᠩ ᠢ ᠪᠠᠶᠢᠭᠤᠯᠬᠤ᠂ ᠤᠨᠤᠪᠴᠢᠳᠠᠢ ᠪᠠᠷ ᠦᠢᠯᠡᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ | ᠡᠷᠴᠢᠮ ᠲᠠᠢ᠂ ᠨᠠᠷᠢᠯᠢᠭ᠂ ᠬᠠᠶᠢᠷ᠎ᠠ ᠬᠠᠯᠠᠮᠵᠢ ᠲᠠᠢ ᠨᠠᠰᠤᠲᠠᠶᠢᠴᠤᠳ ᠲᠤ ᠦᠢᠯᠡᠴᠢᠯᠡᠬᠦ ᠰᠢᠰᠲ᠋ᠧᠮ ᠢ ᠪᠠᠶᠢᠭᠤᠯᠵᠤ᠂ | ᠬᠠᠷᠢᠶ᠎ᠠ ᠣᠷᠣᠨ ᠤ ᠨᠠᠰᠤᠲᠠᠶᠢᠴᠤᠳ ᠤᠨ ︽ᠬᠠᠯᠠᠭᠤᠨ ᠳᠤᠯᠠᠭᠠᠨ ᠭᠡᠷ ᠤᠷᠤᠨ︾ ᠪᠣᠯᠤᠭᠰᠠᠨ ᠪᠠᠶᠢᠨ᠎ᠠ᠃ | ᠣᠶᠢᠷ᠎ᠠ ᠳᠤ᠂ ᠵᠢᠷᠭᠠᠯᠠᠩᠲᠤ ᠨᠡᠶᠢᠭᠡᠮ ᠲᠣᠭᠤᠷᠢᠭ ᠤᠨ ᠦᠨᠳᠦᠰᠦᠲᠡᠨ ᠤ ᠪᠥᠵᠢᠭ ᠤᠨ ᠠᠩᠭᠢ ᠶᠢᠨ ᠰᠤᠷᠤᠯᠭ᠎ᠠ | ᠲᠡᠭᠦᠰᠬᠦ ᠶᠣᠰᠣᠯᠠᠯ ᠡᠷᠭᠢᠯᠡᠵᠦ᠂ ᠬᠥᠳᠡᠯᠭᠡᠭᠡᠨ ᠤ ᠬᠡᠷ ᠲᠤ ᠪᠠᠶᠠᠷ ᠬᠥᠷ ᠲᠠᠢ ᠠᠭᠤᠷ ᠠᠮᠢᠰᠬᠤᠯ ᠢᠶᠠᠷ ᠪᠢᠯᠬᠠᠵᠤ | ᠪᠠᠶᠢᠯ᠎ᠠ᠃ 58 ᠨᠠᠰᠤᠲᠠᠢ ᠵᠢᠶᠠᠩ ᠯᠢᠨ ᠯᠢᠨ ᠪᠥᠵᠢᠭ ᠤᠨ ᠬᠤᠪᠴᠠᠰᠤ ᠡᠮᠦᠰᠴᠦ᠂ ᠬᠥᠭᠵᠢᠮ ᠤᠨ ᠠᠶᠠᠰ ᠢ ᠲᠠᠭᠠᠨ | ᠪᠥᠵᠢᠭᠯᠡᠵᠦ᠂ ᠴᠢᠷᠠᠢ ᠳᠤᠨᠢ ᠬᠠᠯᠠᠭᠤᠨ ᠳᠤᠯᠠᠭᠠᠨ ᠢᠨᠢᠶᠡᠮᠰᠦᠭᠯᠡᠯ ᠲᠣᠳᠣᠷᠠᠨ᠎ᠠ᠃ | ᠳᠠᠯᠠᠶᠢᠬᠦ᠋ᠪ ᠪᠠᠯᠭᠠᠰᠤᠨ ᠤ ᠵᠢᠷᠭᠠᠯᠠᠩᠲᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠶᠠᠩ ᠯᠢᠨ | ᠯᠢᠨ᠄ ︽ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠮᠢᠨᠦ ᠪᠣᠳᠣᠬᠤ ᠪᠠᠷ ᠠᠮᠢᠳᠤᠷᠠᠯ ᠲᠤᠩ ᠳᠠᠩ ᠴᠤᠯᠭᠤᠢ᠂ | ᠭᠡᠪᠡᠴᠦ ᠪᠢ ᠦᠨᠳᠦᠰᠦᠲᠡᠨ ᠤ ᠪᠥᠵᠢᠭ ᠢ ᠰᠤᠷᠴᠤ᠂ ᠨᠠᠮ᠎ᠠ ᠶᠢ ᠰᠢᠨ᠎ᠡ ᠪᠠᠶᠠᠷ ᠬᠥᠷ ᠲᠠᠢ ᠪᠣᠯᠭᠠᠵᠤ᠂ ᠪᠡᠶ᠎ᠡ | ᠮᠠᠬᠠᠪᠣᠳ ᠢᠶᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ᠂ ᠤᠳᠠᠭ᠎ᠠ ᠪᠦᠷᠢ ᠶᠢᠨ ᠪᠣᠯᠪᠠᠰᠤᠷᠠᠯ ᠳᠤ | ᠡᠳᠡ ᠨᠠᠷ ᠤᠨ ᠪᠠᠶᠠᠷ ᠬᠥᠷ ᠨᠢ ᠨᠠᠮ᠎ᠠ ᠶᠢ ᠤᠯᠠᠮ ᠵᠠᠯᠠᠭᠤ ᠪᠣᠯᠭᠠᠵᠠᠢ︾ ᠭᠡᠪᠡ᠃ | ᠲᠤᠬᠠᠢ ᠶᠢᠨ ᠡᠳᠦᠷ᠂ ᠠᠵᠢᠯ ᠠᠴᠠ ᠪᠠᠨ ᠠᠮᠠᠷᠠᠭᠠᠳ ᠳᠡᠮᠡᠢ ᠤᠳᠠᠭᠠᠳᠤᠢ 30 ᠭᠠᠷᠤᠢ ᠨᠠᠰᠤᠲᠠᠶᠢᠴᠤᠳ | ᠰᠤᠷᠤᠯᠭ᠎ᠠ ᠲᠡᠭᠦᠰᠦᠭᠰᠡᠨ ᠦᠨᠡᠮᠯᠡᠯ ᠪᠣᠯᠤᠨ ᠨᠡᠶᠢᠭᠡᠮ ᠲᠣᠭᠤᠷᠢᠭ ᠤᠨ ᠨᠠᠷᠢᠨ ᠨᠢᠮᠪᠠᠢ ᠪᠡᠯᠡᠳᠬᠡᠭᠰᠡᠨ ᠪᠡᠯᠡᠭ ᠢ | ᠲᠤᠰᠴᠤ᠂ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠳᠤ᠂ ᠰᠤᠷᠤᠭᠴᠢᠳ ︽ᠬᠤᠶᠠᠷ ᠠᠭᠤᠯᠠ︾ ᠵᠡᠷᠭᠡ ᠭᠤᠶᠢᠳᠠ | ᠰᠠᠶᠢᠬᠠᠨ ᠪᠥᠵᠢᠭ ᠤᠨ ᠲᠣᠭᠯᠠᠯᠲᠠ ᠭᠠᠷᠭᠠᠵᠤ᠂ ᠬᠦᠩᠬᠡᠨ ᠠᠯᠬᠤᠭ᠎ᠠ᠂ ᠠᠮᠢᠳᠤᠯᠢᠭ ᠬᠥᠳᠡᠯᠦᠯ | ᠢᠶᠠᠷ ︽ᠪᠤᠭᠤᠷᠤᠯᠴᠤᠳ︾ ᠤᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ | ᠢᠯᠡᠷᠡᠭᠦᠯᠵᠡᠢ᠃ ᠣᠶᠢᠯᠠᠭᠠᠭᠰᠠᠨ ᠢᠶᠠᠷ᠂ ᠲᠤᠰ ᠪᠥᠵᠢᠭ ᠤᠨ ᠠᠩᠭᠢ ᠬᠢᠴᠢᠶᠡᠯ ᠡᠬᠢᠯᠡᠭᠰᠡᠨ ᠠᠴᠠ ᠨᠠᠰᠢ᠂ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠪᠣᠯᠪᠠᠰᠤᠷᠠᠭᠤᠯᠤᠨ᠂ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ | ᠵᠢᠭᠠᠨ ᠵᠢᠯᠣᠭᠤᠳᠣᠭᠤᠯᠵᠤ᠂ ᠨᠢᠭᠡᠨᠲᠡ ᠢᠳᠡᠷ ᠥᠲᠡᠯᠦᠭᠡ ᠨᠠᠰᠤᠨ ᠤ ᠰᠠᠭᠤᠭᠠᠯᠢ ᠠᠷᠠᠳ ᠤᠨ ᠬᠠᠶᠢᠷ᠎ᠠ | ᠰᠡᠳᠬᠢᠯᠭᠡ ᠪᠠᠨ ᠵᠤᠵᠠᠭᠠᠳᠬᠠᠬᠤ᠂ ᠦᠵᠡᠯ ᠰᠡᠳᠬᠢᠯᠭᠡ ᠪᠠᠨ ᠪᠣᠯᠪᠠᠰᠤᠷᠠᠭᠤᠯᠬᠤ ᠴᠢᠬᠤᠯᠠ ᠲᠠᠪᠴᠠᠩ ᠪᠣᠯᠤᠭᠰᠠᠨ | ᠪᠠᠶᠢᠨ᠎ᠠ᠃ | 86 ᠨᠠᠰᠤᠲᠠᠢ ᠸᠠᠩ ᠴᠧᠨ ᠪᠣᠯ ᠥᠨᠳᠥᠷ ᠨᠠᠰᠤᠲᠠᠢ ᠨᠢᠭᠡᠨ᠂ ᠡᠬᠡᠨᠡᠷ ᠨᠢ ᠠᠮᠢᠳᠤᠷᠠᠯ ᠢᠶᠠᠨ ᠥᠪᠡᠷ ᠢᠶᠠᠨ | ᠠᠷᠭᠠᠴᠠᠵᠤ ᠳᠡᠶᠢᠯᠬᠦ ᠦᠭᠡᠢ᠂ ᠭᠡᠷ ᠲᠡᠭᠡᠨ ᠠᠰᠠᠷᠠᠭᠴᠢ ᠪᠠᠶᠢᠬᠤ ᠪᠣᠯᠪᠠᠴᠤ᠂ ᠥᠨᠳᠥᠷ ᠨᠠᠰᠤᠨ ᠤ ᠭᠡᠷᠡᠴᠢᠯᠡᠯ ᠬᠢᠬᠦ | ᠵᠡᠷᠭᠡ ᠶᠠᠪᠤᠳᠠᠯ ᠨᠢ ᠲᠡᠭᠦᠨ ᠳᠤ ᠬᠦᠴᠢᠷᠳᠠᠯᠳᠠᠢ ᠪᠠᠶᠢᠯ᠎ᠠ᠃ ᠨᠡᠶᠢᠭᠡᠮ ᠲᠣᠭᠤᠷᠢᠭ ᠤᠨ ᠠᠵᠢᠯᠲᠠᠨ | ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ᠂ ᠭᠠᠷ ᠤᠲᠠᠰᠤᠨ ᠳᠡᠭᠡᠷ᠎ᠡ ᠪᠠᠨ ᠪᠣᠯᠪᠠᠰᠤᠷᠠᠩᠭᠤᠶ ᠪᠠᠷ ᠲᠡᠭᠦᠨ ᠳᠤ | ᠥᠨᠳᠥᠷ ᠨᠠᠰᠤᠨ ᠤ ᠭᠡᠷᠡᠴᠢᠯᠡᠯ ᠬᠢᠵᠦ ᠥᠭᠴᠦ᠂ ᠥᠨᠳᠥᠷ ᠨᠠᠰᠤᠨ ᠤ ᠨᠡᠮᠡᠭᠦᠷᠢ ᠠᠪᠬᠤ ᠪᠡᠯᠡᠳᠬᠡᠯ ᠬᠢᠪᠠ᠃ ᠸᠠᠩ | ᠴᠧᠨ᠂ ᠡᠨᠡ ᠬᠦ ᠨᠥᠬᠦᠪᠥᠷᠢ ᠮᠥᠩᠭᠦ ᠨᠢ ᠬᠡᠷ ᠪᠦᠯᠢ ᠶᠢᠨ ᠠᠮᠢᠳᠤᠷᠠᠯ ᠳᠤ ᠵᠣᠬᠢᠬᠤ ᠬᠠᠪᠰᠤᠷᠤᠯᠭ᠎ᠠ ᠬᠠᠩᠭᠠᠵᠤ᠂ | ᠨᠡᠶᠢᠭᠡᠮ ᠲᠣᠭᠤᠷᠢᠭ ᠤᠨ ᠠᠵᠢᠯᠲᠠᠨ ᠤ ᠳᠣᠲᠣᠨᠣ ᠦᠢᠯᠡᠴᠢᠯᠡᠭᠡ ᠨᠢ ᠲᠡᠭᠦᠨ ᠢ ᠨᠠᠩ ᠬᠠᠯᠠᠭᠤᠨ ᠳᠤᠯᠠᠭᠠᠨ | ᠰᠠᠨᠠᠭᠳᠠᠭᠤᠯᠪᠠ ᠬᠡᠵᠤ ᠶᠠᠷᠢᠵᠤ ᠪᠠᠶᠢᠯ᠎ᠠ᠃ | ᠳᠠᠯᠠᠶᠢᠬᠦ᠋ᠪ ᠪᠠᠯᠭᠠᠰᠤᠨ ᠤ ᠵᠢᠷᠭᠠᠯᠠᠩᠲᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ | ᠴᠧᠨ᠄ ︽ᠵᠠᠷᠢᠮ ᠳᠠᠭᠠᠨ ᠨᠠᠰᠤᠲᠠᠶᠢᠴᠤᠳ ᠤᠨ ᠭᠡᠷᠡᠴᠢᠯᠡᠯ ᠬᠢᠬᠦ ᠳᠤ᠂ ᠪᠢ ᠵᠠᠷᠢᠮ ᠳᠠᠭᠠᠨ ᠮᠠᠷᠲᠠᠬᠤ ᠶᠤᠮ᠂ ᠥᠪᠡᠷ | ᠢᠶᠠᠨ ᠴᠢᠳᠠᠬᠤ ᠦᠭᠡᠢ᠂ ᠨᠠᠮ᠎ᠠ ᠶᠢ ᠬᠦᠴᠢᠷᠳᠡᠬᠦ ᠠᠴᠠ ᠠᠶᠤᠭᠠᠳ ᠨᠡᠶᠢᠭᠡᠮ ᠲᠣᠭᠤᠷᠢᠭ ᠤᠨ ᠬᠢᠨ ᠭᠡᠷ ᠲᠤ | ᠢᠷᠠᠵᠤ ᠨᠠᠳᠠ ᠶᠢ ᠬᠠᠪᠰᠤᠷᠴᠤ ᠭᠦᠢᠴᠡᠳᠭᠡᠨ᠎ᠡ︾ ᠭᠡᠪᠡ᠃ | ᠥᠨᠳᠥᠷ ᠨᠠᠰᠤᠲᠠᠶ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠵᠤᠷᠢᠭᠤᠯᠤᠨ᠂ ᠨᠡᠶᠢᠭᠡᠮ | ᠲᠣᠭᠤᠷᠢᠭ ᠤᠨ ᠬᠢᠨ ᠬᠡᠷ ᠲᠤᠨᠢ ᠬᠦᠷᠴᠦ ᠦᠢᠯᠡᠴᠢᠯᠡᠬᠦ ᠶᠢ ᠪᠠᠶᠢᠩᠭᠤ ᠥᠷᠨᠢᠭᠦᠯᠵᠦ᠂ ᠨᠠᠰᠤᠲᠠᠶᠢᠴᠤᠳ ᠤᠨ | ᠠᠮᠢᠳᠤᠷᠠᠯ ᠳᠤᠮᠳᠠᠬᠢ ︽ᠪᠠᠴᠢᠮ ᠬᠦᠴᠢᠷ ᠵᠣᠪᠠᠨᠢᠯ ᠬᠦᠰᠡᠯ ᠡᠷᠡᠮᠡᠯᠵᠡᠯ︾ ᠤᠨ ᠠᠰᠠᠭᠤᠳᠠᠯ ᠢ ᠣᠨᠣᠪᠴᠢᠲᠠᠶ | ᠰᠢᠢᠳᠪᠦᠷᠢᠯᠡᠵᠦ᠂ ᠬᠠᠶᠢᠷ᠎ᠠ ᠬᠠᠯᠠᠮᠵᠢ ᠶᠢ ᠦᠨᠡᠨ ᠬᠦ ᠨᠠᠰᠤᠲᠠᠶᠢᠴᠤᠳ ᠤᠨ ᠰᠡᠳᠬᠢᠯ ᠳᠤ ᠬᠠᠳᠠᠩᠰᠢᠭᠤᠯᠤᠨ᠎ᠠ᠃ | ᠵᠢᠷᠭᠠᠯᠠᠩᠲᠤ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠡᠷᠬᠢᠯᠡᠭᠴᠢ ᠵᠠᠩ ᠬᠠᠶ | ᠯᠢᠩ᠄ ︽ᠬᠤᠶᠢᠰᠢᠳᠠ ᠪᠢᠳᠡ ᠨᠠᠰᠤᠲᠠᠳ ᠲᠤ ᠦᠢᠯᠡᠴᠢᠯᠡᠬᠦ ᠲᠠᠯ᠎ᠠ ᠪᠠᠷ ᠦᠢᠯᠡᠴᠢᠯᠡᠭᠡᠨ ᠤ ᠠᠭᠤᠯᠭ᠎ᠠ ᠪᠠᠨ | ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠦᠢᠯᠡᠴᠢᠯᠡᠭᠡᠨ ᠤ | ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ | ᠦᠢᠯᠡᠴᠢᠯᠡᠭᠡᠨ ᠤ ᠣᠶᠤᠨᠴᠢᠯᠠᠭᠰᠠᠨ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠪᠥᠬᠦ ᠨᠡᠶᠢᠭᠡᠮ ᠢᠶᠠᠷ ᠢᠶᠠᠨ | ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠨᠠᠰᠤᠲᠠᠶᠢᠴᠤᠳ ᠲᠤ ᠨᠠᠩ ᠪᠥᠬᠦ ᠲᠠᠯ᠎ᠠ ᠶᠢᠨ | ᠳᠣᠲᠣᠨᠣ ᠦᠢᠯᠡᠴᠢᠯᠡᠭᠡ ᠬᠠᠩᠭᠠᠨ᠎ᠠ︾ ᠭᠡᠪᠡ᠃ | ᠰᠣᠶᠣᠯ ᠤᠨ ᠠᠵᠢᠯᠯᠠᠭ᠎ᠠ ᠨᠢ ᠤᠶᠤᠨ ᠤ ᠠᠮᠢᠳᠤᠷᠠᠯ ᠢ ᠪᠠᠶᠠᠯᠢᠭᠵᠢᠭᠤᠯᠬᠤ ᠠᠴᠠ᠂ ᠭᠡᠷ ᠲᠤᠨᠢ ᠬᠦᠷᠴᠦ ᠪᠣᠳᠠᠲᠠᠢ | ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠦᠷᠲᠡᠯ᠎ᠡ᠂ ᠵᠢᠷᠭᠠᠯᠠᠩᠲᠤ ᠨᠡᠶᠢᠭᠡᠮ ᠲᠣᠭᠤᠷᠢᠭ ᠲᠤ᠂ ︽ᠨᠠᠰᠤᠲᠠᠨ ᠢᠶᠠᠨ | ᠬᠦᠨᠳᠦᠯᠡᠵᠦ᠂ ᠨᠠᠰᠤᠲᠠᠨ ᠢᠶᠠᠨ ᠬᠠᠶᠢᠷᠠᠯᠠᠵᠤ᠂ ᠨᠠᠰᠤᠲᠠᠨ ᠢᠶᠠᠨ ᠬᠠᠪᠰᠤᠷᠬᠤ︾ ᠨᠢ ᠤᠷᠢᠶ᠎ᠠ ᠲᠡᠳᠦᠢ ᠪᠢᠰᠢ᠂ ᠨᠡᠩ | ᠴᠤ ᠡᠳᠦᠷ ᠳᠤᠳᠤᠮ ᠤᠨ ᠪᠣᠳᠠᠲᠤ ᠠᠵᠢᠯᠯᠠᠭ᠎ᠠ ᠪᠣᠯᠬᠤ ᠶᠤᠮ᠃ ᠳᠣᠲᠣᠨᠣ ᠦᠢᠯᠡᠴᠢᠯᠡᠭᠡ ᠶᠢᠨ | ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂ ᠠᠳᠡᠬᠢ ᠨᠠᠰᠤᠲᠠᠶᠢᠴᠤᠳ ᠦᠳᠡᠯᠦᠭᠡ ᠨᠠᠰᠤᠨ ᠤ ᠵᠣᠯ ᠵᠢᠷᠭᠠᠯ ᠪᠣᠯᠤᠨ | ᠰᠠᠶᠢᠨ ᠰᠠᠶᠢᠬᠠᠨ ᠢ ᠦᠨᠡᠨ ᠬᠦ ᠮᠡᠳᠡᠷᠡᠵᠦ᠂ ᠨᠡᠶᠢᠭᠡᠮ ᠲᠣᠭᠤᠷᠢᠭ ᠨᠢ ᠦᠷᠭᠦᠯᠵᠢᠯᠡᠨ ᠨᠢᠳᠤᠨ ᠳᠤ ᠦᠵᠡᠭᠳᠡᠮ᠎ᠡ | ᠦᠢᠯᠡ ᠠᠵᠢᠯᠯᠠᠭ᠎ᠠ᠂ ᠭᠠᠷ ᠲᠤ ᠪᠠᠷᠢᠭᠳᠠᠮ᠎ᠠ ᠬᠠᠯᠠᠭᠤᠨ ᠳᠤᠯᠠᠭᠠᠨ ᠢᠶᠠᠷ ᠢᠶᠠᠨ ᠨᠠᠰᠤᠲᠠᠶᠢᠴᠤᠳ ᠢ ᠰᠣᠶᠣᠯ ᠤᠨ | ᠰᠢᠮ᠎ᠡ ᠲᠡᠵᠢᠭᠡᠯ ᠪᠣᠯᠤᠨ ᠤᠨᠤᠪᠴᠢᠳᠠᠢ ᠪᠠᠷ ᠬᠠᠯᠠᠮᠵᠢᠯᠠᠬᠤ ᠳᠤᠮᠳᠠ ᠦᠳᠡᠯᠦᠭᠡ ᠨᠠᠰᠤᠨ ᠤ ᠠᠮᠢᠳᠤᠷᠠᠯ ᠤᠨ ᠵᠣᠯ | ᠵᠢᠷᠭᠠᠯ ᠪᠣᠯᠤᠨ ᠲᠠᠶᠢᠪᠤᠭᠤ ᠪᠠᠶᠢᠬᠤ ᠶᠢ ᠦᠨᠡᠨ ᠬᠦ ᠮᠡᠳᠡᠷᠡᠭᠦᠯᠬᠦ ᠪᠣᠯᠤᠨ᠎ᠠ᠃ | |