ᠵᠢᠷᠭᠠᠯᠠᠩᠲᠤ ᠨᠡᠶᠢᠭᠡᠮ ᠲᠣᠭᠤᠷᠢᠭ᠄ ᠣᠯᠠᠨ ᠡᠰᠢᠲᠦ ᠦᠢᠯᠡᠴᠢᠯᠡᠭᠡ ᠪᠠᠷ ᠨᠠᠰᠤᠲᠠᠶᠢᠴᠤᠳ ᠤᠨ ᠵᠣᠯ ᠵᠢᠷᠭᠠᠯᠲᠤ ᠠᠮᠢᠳᠤᠷᠠᠯ ᠢ ᠵᠢᠷᠤᠭᠯᠠᠨ᠎ᠠ
ᠨᠡᠶᠢᠲᠡᠯᠡᠭᠰᠡᠨ ᠴᠠᠭ᠄
2025/5/9
    ᠤᠢᠢᠷ᠎ᠠ ᠶᠢᠨ ᠵᠢᠯ ᠠᠴᠠ᠂ ᠳᠠᠯᠠᠶᠢᠬᠦ᠋ᠪ ᠪᠠᠯᠭᠠᠰᠤᠨ ᠤ ᠵᠢᠷᠭᠠᠯᠠᠩᠲᠤ ᠨᠡᠶᠢᠭᠡᠮ ᠲᠣᠭᠤᠷᠢᠭ ᠨᠢ           ᠢᠮᠠᠭᠲᠠ ︽ᠨᠠᠰᠤᠲᠠᠶᠢᠴᠤᠳ ᠤᠨ ᠠᠮᠢᠳᠤᠷᠠᠯ ᠢ ᠨᠡᠩ ᠨᠡᠷ᠎ᠡ ᠬᠦᠨᠳᠦ ᠲᠠᠢ᠂ ᠨᠡᠩ ᠬᠠᠯᠠᠭᠤᠨ ᠳᠤᠯᠠᠭᠠᠨ ᠪᠣᠯᠭᠠᠬᠤ︾  ᠶᠢ ᠦᠨᠳᠦᠰᠦᠨ ᠱᠠᠲᠤᠨ ᠤ ᠦᠢᠯᠡᠴᠢᠯᠡᠭᠡᠨ ᠤ ᠴᠢᠬᠤᠯᠠ ᠬᠠᠷᠠᠯᠲᠠ ᠪᠣᠯᠭᠠᠵᠤ᠂ ᠨᠠᠰᠤᠲᠠᠶᠢᠴᠤᠳ ᠤᠨ ᠤᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠠᠵᠢᠯᠯᠠᠭᠠᠨ ᠤ ᠲᠠᠪᠴᠠᠩ ᠢ ᠪᠠᠶᠢᠭᠤᠯᠬᠤ᠂  ᠤᠨᠤᠪᠴᠢᠳᠠᠢ ᠪᠠᠷ ᠦᠢᠯᠡᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠡᠷᠴᠢᠮ ᠲᠠᠢ᠂ ᠨᠠᠷᠢᠯᠢᠭ᠂ ᠬᠠᠶᠢᠷ᠎ᠠ ᠬᠠᠯᠠᠮᠵᠢ ᠲᠠᠢ ᠨᠠᠰᠤᠲᠠᠶᠢᠴᠤᠳ ᠲᠤ ᠦᠢᠯᠡᠴᠢᠯᠡᠬᠦ  ᠰᠢᠰᠲ᠋ᠧᠮ ᠢ ᠪᠠᠶᠢᠭᠤᠯᠵᠤ᠂ ᠬᠠᠷᠢᠶ᠎ᠠ ᠣᠷᠣᠨ ᠤ ᠨᠠᠰᠤᠲᠠᠶᠢᠴᠤᠳ ᠤᠨ ︽ᠬᠠᠯᠠᠭᠤᠨ ᠳᠤᠯᠠᠭᠠᠨ  ᠭᠡᠷ ᠤᠷᠤᠨ︾ ᠪᠣᠯᠤᠭᠰᠠᠨ ᠪᠠᠶᠢᠨ᠎ᠠ᠃    ᠣᠶᠢᠷ᠎ᠠ ᠳᠤ᠂ ᠵᠢᠷᠭᠠᠯᠠᠩᠲᠤ ᠨᠡᠶᠢᠭᠡᠮ ᠲᠣᠭᠤᠷᠢᠭ ᠤᠨ ᠦᠨᠳᠦᠰᠦᠲᠡᠨ ᠤ ᠪᠥᠵᠢᠭ ᠤᠨ ᠠᠩᠭᠢ ᠶᠢᠨ ᠰᠤᠷᠤᠯᠭ᠎ᠠ ᠲᠡᠭᠦᠰᠬᠦ ᠶᠣᠰᠣᠯᠠᠯ ᠡᠷᠭᠢᠯᠡᠵᠦ᠂ ᠬᠥᠳᠡᠯᠭᠡᠭᠡᠨ ᠤ ᠬᠡᠷ ᠲᠤ ᠪᠠᠶᠠᠷ ᠬᠥᠷ ᠲᠠᠢ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ 58 ᠨᠠᠰᠤᠲᠠᠢ ᠵᠢᠶᠠᠩ ᠯᠢᠨ ᠯᠢᠨ ᠪᠥᠵᠢᠭ ᠤᠨ ᠬᠤᠪᠴᠠᠰᠤ ᠡᠮᠦᠰᠴᠦ᠂ ᠬᠥᠭᠵᠢᠮ ᠤᠨ ᠠᠶᠠᠰ ᠢ ᠲᠠᠭᠠᠨ ᠪᠥᠵᠢᠭᠯᠡᠵᠦ᠂ ᠴᠢᠷᠠᠢ ᠳᠤᠨᠢ ᠬᠠᠯᠠᠭᠤᠨ ᠳᠤᠯᠠᠭᠠᠨ ᠢᠨᠢᠶᠡᠮᠰᠦᠭᠯᠡᠯ ᠲᠣᠳᠣᠷᠠᠨ᠎ᠠ᠃   ᠳᠠᠯᠠᠶᠢᠬᠦ᠋ᠪ ᠪᠠᠯᠭᠠᠰᠤᠨ ᠤ ᠵᠢᠷᠭᠠᠯᠠᠩᠲᠤ ᠨᠡᠶᠢᠭᠡᠮ ᠲᠣᠭᠤᠷᠢᠭ  ᠤᠨ  ᠰᠠᠭᠤᠭᠠᠯᠢ ᠠᠷᠠᠳ  ᠵᠢᠶᠠᠩ ᠯᠢᠨ            ᠯᠢᠨ᠄ ︽ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠮᠢᠨᠦ ᠪᠣᠳᠣᠬᠤ ᠪᠠᠷ ᠠᠮᠢᠳᠤᠷᠠᠯ ᠲᠤᠩ ᠳᠠᠩ ᠴᠤᠯᠭᠤᠢ᠂ ᠭᠡᠪᠡᠴᠦ ᠪᠢ ᠦᠨᠳᠦᠰᠦᠲᠡᠨ ᠤ ᠪᠥᠵᠢᠭ ᠢ ᠰᠤᠷᠴᠤ᠂ ᠨᠠᠮ᠎ᠠ ᠶᠢ ᠰᠢᠨ᠎ᠡ ᠪᠠᠶᠠᠷ ᠬᠥᠷ ᠲᠠᠢ ᠪᠣᠯᠭᠠᠵᠤ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ᠂ ᠤᠳᠠᠭ᠎ᠠ ᠪᠦᠷᠢ ᠶᠢᠨ ᠪᠣᠯᠪᠠᠰᠤᠷᠠᠯ ᠳᠤ ᠡᠳᠡ ᠨᠠᠷ ᠤᠨ ᠪᠠᠶᠠᠷ ᠬᠥᠷ ᠨᠢ ᠨᠠᠮ᠎ᠠ ᠶᠢ ᠤᠯᠠᠮ ᠵᠠᠯᠠᠭᠤ ᠪᠣᠯᠭᠠᠵᠠᠢ︾ ᠭᠡᠪᠡ᠃    ᠲᠤᠬᠠᠢ ᠶᠢᠨ ᠡᠳᠦᠷ᠂ ᠠᠵᠢᠯ ᠠᠴᠠ ᠪᠠᠨ ᠠᠮᠠᠷᠠᠭᠠᠳ ᠳᠡᠮᠡᠢ ᠤᠳᠠᠭᠠᠳᠤᠢ 30 ᠭᠠᠷᠤᠢ ᠨᠠᠰᠤᠲᠠᠶᠢᠴᠤᠳ ᠰᠤᠷᠤᠯᠭ᠎ᠠ ᠲᠡᠭᠦᠰᠦᠭᠰᠡᠨ ᠦᠨᠡᠮᠯᠡᠯ ᠪᠣᠯᠤᠨ ᠨᠡᠶᠢᠭᠡᠮ ᠲᠣᠭᠤᠷᠢᠭ ᠤᠨ ᠨᠠᠷᠢᠨ ᠨᠢᠮᠪᠠᠢ ᠪᠡᠯᠡᠳᠬᠡᠭᠰᠡᠨ ᠪᠡᠯᠡᠭ ᠢ ᠲᠤᠰᠴᠤ᠂ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠳᠤ᠂ ᠰᠤᠷᠤᠭᠴᠢᠳ ︽ᠬᠤᠶᠠᠷ ᠠᠭᠤᠯᠠ︾ ᠵᠡᠷᠭᠡ ᠭᠤᠶᠢᠳᠠ ᠰᠠᠶᠢᠬᠠᠨ ᠪᠥᠵᠢᠭ ᠤᠨ ᠲᠣᠭᠯᠠᠯᠲᠠ  ᠭᠠᠷᠭᠠᠵᠤ᠂  ᠬᠦᠩᠬᠡᠨ  ᠠᠯᠬᠤᠭ᠎ᠠ᠂ ᠠᠮᠢᠳᠤᠯᠢᠭ ᠬᠥᠳᠡᠯᠦᠯ             ᠢᠶᠠᠷ ︽ᠪᠤᠭᠤᠷᠤᠯᠴᠤᠳ︾ ᠤᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠡᠢ᠃ ᠣᠶᠢᠯᠠᠭᠠᠭᠰᠠᠨ ᠢᠶᠠᠷ᠂ ᠲᠤᠰ ᠪᠥᠵᠢᠭ ᠤᠨ ᠠᠩᠭᠢ ᠬᠢᠴᠢᠶᠡᠯ ᠡᠬᠢᠯᠡᠭᠰᠡᠨ ᠠᠴᠠ ᠨᠠᠰᠢ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠪᠣᠯᠪᠠᠰᠤᠷᠠᠭᠤᠯᠤᠨ᠂ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ᠵᠢᠭᠠᠨ ᠵᠢᠯᠣᠭᠤᠳᠣᠭᠤᠯᠵᠤ᠂ ᠨᠢᠭᠡᠨᠲᠡ ᠢᠳᠡᠷ ᠥᠲᠡᠯᠦᠭᠡ ᠨᠠᠰᠤᠨ ᠤ ᠰᠠᠭᠤᠭᠠᠯᠢ ᠠᠷᠠᠳ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ᠂ ᠦᠵᠡᠯ ᠰᠡᠳᠬᠢᠯᠭᠡ ᠪᠠᠨ ᠪᠣᠯᠪᠠᠰᠤᠷᠠᠭᠤᠯᠬᠤ ᠴᠢᠬᠤᠯᠠ ᠲᠠᠪᠴᠠᠩ ᠪᠣᠯᠤᠭᠰᠠᠨ ᠪᠠᠶᠢᠨ᠎ᠠ᠃    86 ᠨᠠᠰᠤᠲᠠᠢ ᠸᠠᠩ ᠴᠧᠨ ᠪᠣᠯ ᠥᠨᠳᠥᠷ ᠨᠠᠰᠤᠲᠠᠢ ᠨᠢᠭᠡᠨ᠂ ᠡᠬᠡᠨᠡᠷ ᠨᠢ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ᠂ ᠭᠡᠷ ᠲᠡᠭᠡᠨ ᠠᠰᠠᠷᠠᠭᠴᠢ ᠪᠠᠶᠢᠬᠤ ᠪᠣᠯᠪᠠᠴᠤ᠂ ᠥᠨᠳᠥᠷ ᠨᠠᠰᠤᠨ ᠤ ᠭᠡᠷᠡᠴᠢᠯᠡᠯ ᠬᠢᠬᠦ ᠵᠡᠷᠭᠡ ᠶᠠᠪᠤᠳᠠᠯ ᠨᠢ ᠲᠡᠭᠦᠨ  ᠳᠤ ᠬᠦᠴᠢᠷᠳᠠᠯᠳᠠᠢ ᠪᠠᠶᠢᠯ᠎ᠠ᠃ ᠨᠡᠶᠢᠭᠡᠮ ᠲᠣᠭᠤᠷᠢᠭ ᠤᠨ ᠠᠵᠢᠯᠲᠠᠨ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ᠂ ᠭᠠᠷ ᠤᠲᠠᠰᠤᠨ ᠳᠡᠭᠡᠷ᠎ᠡ ᠪᠠᠨ ᠪᠣᠯᠪᠠᠰᠤᠷᠠᠩᠭᠤᠶ ᠪᠠᠷ ᠲᠡᠭᠦᠨ ᠳᠤ ᠥᠨᠳᠥᠷ ᠨᠠᠰᠤᠨ ᠤ ᠭᠡᠷᠡᠴᠢᠯᠡᠯ ᠬᠢᠵᠦ ᠥᠭᠴᠦ᠂ ᠥᠨᠳᠥᠷ ᠨᠠᠰᠤᠨ ᠤ ᠨᠡᠮᠡᠭᠦᠷᠢ ᠠᠪᠬᠤ ᠪᠡᠯᠡᠳᠬᠡᠯ ᠬᠢᠪᠠ᠃ ᠸᠠᠩ ᠴᠧᠨ᠂ ᠡᠨᠡ ᠬᠦ ᠨᠥᠬᠦᠪᠥᠷᠢ ᠮᠥᠩᠭᠦ ᠨᠢ ᠬᠡᠷ ᠪᠦᠯᠢ ᠶᠢᠨ ᠠᠮᠢᠳᠤᠷᠠᠯ ᠳᠤ ᠵᠣᠬᠢᠬᠤ ᠬᠠᠪᠰᠤᠷᠤᠯᠭ᠎ᠠ ᠬᠠᠩᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠳᠣᠲᠣᠨᠣ ᠦᠢᠯᠡᠴᠢᠯᠡᠭᠡ ᠨᠢ ᠲᠡᠭᠦᠨ ᠢ ᠨᠠᠩ ᠬᠠᠯᠠᠭᠤᠨ ᠳᠤᠯᠠᠭᠠᠨ ᠰᠠᠨᠠᠭᠳᠠᠭᠤᠯᠪᠠ ᠬᠡᠵᠤ ᠶᠠᠷᠢᠵᠤ ᠪᠠᠶᠢᠯ᠎ᠠ᠃    ᠳᠠᠯᠠᠶᠢᠬᠦ᠋ᠪ ᠪᠠᠯᠭᠠᠰᠤᠨ ᠤ ᠵᠢᠷᠭᠠᠯᠠᠩᠲᠤ ᠨᠡᠶᠢᠭᠡᠮ ᠲᠣᠭᠤᠷᠢᠭ  ᠤᠨ  ᠰᠠᠭᠤᠭᠠᠯᠢ ᠠᠷᠠᠳ ᠸᠠᠩ           ᠴᠧᠨ᠄ ︽ᠵᠠᠷᠢᠮ ᠳᠠᠭᠠᠨ ᠨᠠᠰᠤᠲᠠᠶᠢᠴᠤᠳ ᠤᠨ ᠭᠡᠷᠡᠴᠢᠯᠡᠯ ᠬᠢᠬᠦ ᠳᠤ᠂ ᠪᠢ ᠵᠠᠷᠢᠮ ᠳᠠᠭᠠᠨ ᠮᠠᠷᠲᠠᠬᠤ ᠶᠤᠮ᠂ ᠥᠪᠡᠷ  ᠢᠶᠠᠨ ᠴᠢᠳᠠᠬᠤ ᠦᠭᠡᠢ᠂ ᠨᠠᠮ᠎ᠠ ᠶᠢ  ᠬᠦᠴᠢᠷᠳᠡᠬᠦ  ᠠᠴᠠ  ᠠᠶᠤᠭᠠᠳ ᠨᠡᠶᠢᠭᠡᠮ ᠲᠣᠭᠤᠷᠢᠭ ᠤᠨ ᠬᠢᠨ  ᠭᠡᠷ ᠲᠤ  ᠢᠷᠠᠵᠤ ᠨᠠᠳᠠ ᠶᠢ ᠬᠠᠪᠰᠤᠷᠴᠤ ᠭᠦᠢᠴᠡᠳᠭᠡᠨ᠎ᠡ︾ ᠭᠡᠪᠡ᠃    ᠥᠨᠳᠥᠷ ᠨᠠᠰᠤᠲᠠᠶ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠵᠤᠷᠢᠭᠤᠯᠤᠨ᠂ ᠨᠡᠶᠢᠭᠡᠮ ᠲᠣᠭᠤᠷᠢᠭ ᠤᠨ ᠬᠢᠨ ᠬᠡᠷ ᠲᠤᠨᠢ ᠬᠦᠷᠴᠦ ᠦᠢᠯᠡᠴᠢᠯᠡᠬᠦ ᠶᠢ ᠪᠠᠶᠢᠩᠭᠤ ᠥᠷᠨᠢᠭᠦᠯᠵᠦ᠂ ᠨᠠᠰᠤᠲᠠᠶᠢᠴᠤᠳ ᠤᠨ ᠠᠮᠢᠳᠤᠷᠠᠯ ᠳᠤᠮᠳᠠᠬᠢ ︽ᠪᠠᠴᠢᠮ ᠬᠦᠴᠢᠷ ᠵᠣᠪᠠᠨᠢᠯ ᠬᠦᠰᠡᠯ ᠡᠷᠡᠮᠡᠯᠵᠡᠯ︾ ᠤᠨ ᠠᠰᠠᠭᠤᠳᠠᠯ ᠢ ᠣᠨᠣᠪᠴᠢᠲᠠᠶ ᠰᠢᠢᠳᠪᠦᠷᠢᠯᠡᠵᠦ᠂ ᠬᠠᠶᠢᠷ᠎ᠠ ᠬᠠᠯᠠᠮᠵᠢ ᠶᠢ ᠦᠨᠡᠨ ᠬᠦ ᠨᠠᠰᠤᠲᠠᠶᠢᠴᠤᠳ ᠤᠨ ᠰᠡᠳᠬᠢᠯ ᠳᠤ ᠬᠠᠳᠠᠩᠰᠢᠭᠤᠯᠤᠨ᠎ᠠ᠃    ᠵᠢᠷᠭᠠᠯᠠᠩᠲᠤ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠡᠷᠬᠢᠯᠡᠭᠴᠢ ᠵᠠᠩ ᠬᠠᠶ               ᠯᠢᠩ᠄ ︽ᠬᠤᠶᠢᠰᠢᠳᠠ ᠪᠢᠳᠡ ᠨᠠᠰᠤᠲᠠᠳ ᠲᠤ ᠦᠢᠯᠡᠴᠢᠯᠡᠬᠦ ᠲᠠᠯ᠎ᠠ ᠪᠠᠷ ᠦᠢᠯᠡᠴᠢᠯᠡᠭᠡᠨ ᠤ ᠠᠭᠤᠯᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ ᠦᠢᠯᠡᠴᠢᠯᠡᠭᠡᠨ ᠤ ᠣᠶᠤᠨᠴᠢᠯᠠᠭᠰᠠᠨ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠪᠥᠬᠦ ᠨᠡᠶᠢᠭᠡᠮ ᠢᠶᠠᠷ ᠢᠶᠠᠨ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠨᠠᠰᠤᠲᠠᠶᠢᠴᠤᠳ ᠲᠤ ᠨᠠᠩ ᠪᠥᠬᠦ ᠲᠠᠯ᠎ᠠ ᠶᠢᠨ ᠳᠣᠲᠣᠨᠣ ᠦᠢᠯᠡᠴᠢᠯᠡᠭᠡ ᠬᠠᠩᠭᠠᠨ᠎ᠠ︾ ᠭᠡᠪᠡ᠃    ᠰᠣᠶᠣᠯ ᠤᠨ ᠠᠵᠢᠯᠯᠠᠭ᠎ᠠ ᠨᠢ ᠤᠶᠤᠨ ᠤ ᠠᠮᠢᠳᠤᠷᠠᠯ ᠢ ᠪᠠᠶᠠᠯᠢᠭᠵᠢᠭᠤᠯᠬᠤ ᠠᠴᠠ᠂ ᠭᠡᠷ ᠲᠤᠨᠢ ᠬᠦᠷᠴᠦ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠦᠷᠲᠡᠯ᠎ᠡ᠂ ᠵᠢᠷᠭᠠᠯᠠᠩᠲᠤ ᠨᠡᠶᠢᠭᠡᠮ ᠲᠣᠭᠤᠷᠢᠭ ᠲᠤ᠂ ︽ᠨᠠᠰᠤᠲᠠᠨ ᠢᠶᠠᠨ ᠬᠦᠨᠳᠦᠯᠡᠵᠦ᠂ ᠨᠠᠰᠤᠲᠠᠨ ᠢᠶᠠᠨ ᠬᠠᠶᠢᠷᠠᠯᠠᠵᠤ᠂ ᠨᠠᠰᠤᠲᠠᠨ ᠢᠶᠠᠨ ᠬᠠᠪᠰᠤᠷᠬᠤ︾ ᠨᠢ ᠤᠷᠢᠶ᠎ᠠ ᠲᠡᠳᠦᠢ ᠪᠢᠰᠢ᠂ ᠨᠡᠩ ᠴᠤ ᠡᠳᠦᠷ ᠳᠤᠳᠤᠮ ᠤᠨ ᠪᠣᠳᠠᠲᠤ ᠠᠵᠢᠯᠯᠠᠭ᠎ᠠ ᠪᠣᠯᠬᠤ ᠶᠤᠮ᠃ ᠳᠣᠲᠣᠨᠣ ᠦᠢᠯᠡᠴᠢᠯᠡᠭᠡ ᠶᠢᠨ ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂ ᠠᠳᠡᠬᠢ ᠨᠠᠰᠤᠲᠠᠶᠢᠴᠤᠳ ᠦᠳᠡᠯᠦᠭᠡ ᠨᠠᠰᠤᠨ ᠤ ᠵᠣᠯ ᠵᠢᠷᠭᠠᠯ ᠪᠣᠯᠤᠨ ᠰᠠᠶᠢᠨ ᠰᠠᠶᠢᠬᠠᠨ ᠢ ᠦᠨᠡᠨ ᠬᠦ ᠮᠡᠳᠡᠷᠡᠵᠦ᠂ ᠨᠡᠶᠢᠭᠡᠮ ᠲᠣᠭᠤᠷᠢᠭ ᠨᠢ ᠦᠷᠭᠦᠯᠵᠢᠯᠡᠨ ᠨᠢᠳᠤᠨ ᠳᠤ ᠦᠵᠡᠭᠳᠡᠮ᠎ᠡ ᠦᠢᠯᠡ ᠠᠵᠢᠯᠯᠠᠭ᠎ᠠ᠂ ᠭᠠᠷ ᠲᠤ ᠪᠠᠷᠢᠭᠳᠠᠮ᠎ᠠ ᠬᠠᠯᠠᠭᠤᠨ ᠳᠤᠯᠠᠭᠠᠨ ᠢᠶᠠᠷ ᠢᠶᠠᠨ ᠨᠠᠰᠤᠲᠠᠶᠢᠴᠤᠳ ᠢ ᠰᠣᠶᠣᠯ ᠤᠨ ᠰᠢᠮ᠎ᠡ ᠲᠡᠵᠢᠭᠡᠯ ᠪᠣᠯᠤᠨ ᠤᠨᠤᠪᠴᠢᠳᠠᠢ ᠪᠠᠷ ᠬᠠᠯᠠᠮᠵᠢᠯᠠᠬᠤ ᠳᠤᠮᠳᠠ ᠦᠳᠡᠯᠦᠭᠡ ᠨᠠᠰᠤᠨ ᠤ ᠠᠮᠢᠳᠤᠷᠠᠯ ᠤᠨ ᠵᠣᠯ ᠵᠢᠷᠭᠠᠯ ᠪᠣᠯᠤᠨ ᠲᠠᠶᠢᠪᠤᠭᠤ ᠪᠠᠶᠢᠬᠤ ᠶᠢ ᠦᠨᠡᠨ ᠬᠦ ᠮᠡᠳᠡᠷᠡᠭᠦᠯᠬᠦ ᠪᠣᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号